ᠠᠷᠪᠢᠯᠠᠨ ᠭᠠᠮᠨᠠᠬᠤ ᠰᠠᠶᠢᠨ ᠰᠠᠶᠢᠬᠠᠨ ᠳᠠᠳᠬᠠᠯ ᠢ ᠬᠥᠮᠦᠵᠢᠭᠦᠯᠬᠦ ᠶᠢᠨ ᠲᠥᠯᠥᠭᠡ᠂ ᠠᠵᠢᠯᠴᠢ ᠠᠷᠪᠢᠴᠢ ᠭᠠᠮᠲᠠᠶ | ᠲᠡᠰᠪᠦᠷᠢ ᠬᠠᠲᠠᠭᠤᠵᠢᠯᠲᠠᠶ ᠲᠡᠮᠡᠴᠡᠬᠦ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠡᠪᠯᠡᠯ ᠤᠨ ᠭᠡᠰᠢᠭᠦᠨ | ᠵᠠᠯᠠᠭᠤᠴᠤᠳ ᠤᠨ ᠪᠣᠯᠪᠠᠰᠤᠨ ᠤᠬᠠᠮᠰᠠᠷ ᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ | ᠡᠮᠨᠡᠯᠭᠡ ᠶᠢᠨ ᠬᠤᠷᠢᠶ᠎ᠠ ᠤᠶᠢᠷ᠎ᠠ ᠳᠤ ᠠᠯᠢ ᠣᠯᠠᠨ ︽ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠵᠤ᠂ ᠱᠠᠯᠢᠨ | ᠪᠦᠷᠢᠯᠭᠡᠬᠦ ᠶᠢ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ ᠪᠣᠯᠤᠨ᠎ᠠ᠃ | ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠨᠢ ᠸᠢᠴᠠᠲ ᠤᠨ ᠨᠡᠶᠢᠲᠡ ᠶᠢᠨ | ᠳ᠋ᠤᠭᠠᠷ᠂ ᠪᠢᠴᠢᠯ ᠪᠦᠷᠭᠡ᠂ LED ᠲᠣᠮᠣ ᠳᠡᠯᠭᠡᠴᠡ ᠪᠠᠷ ᠠᠴᠢᠶᠠᠯᠠᠪᠤᠷᠢ ᠪᠣᠯᠭᠠᠵᠤ᠂ ︽ᠰᠠᠶᠢᠲᠤᠷ ᠭᠠᠮᠨᠠᠨ ᠠᠷᠪᠢᠯᠠᠵᠤ᠂ | ᠪᠦᠷᠢᠯᠭᠡᠨ ᠰᠤᠶᠢᠤᠡᠭᠡᠬᠦ ᠶᠢ ᠡᠰᠡᠷᠭᠦᠴᠡᠬᠦ︾ ᠲᠤᠬᠠᠶ ᠤᠬᠠᠭᠤᠯᠭ᠎ᠠ ᠶᠢ ᠴᠢᠩᠭᠠᠤᠡᠬᠠᠵᠤ᠂ ᠠᠵᠢᠯᠴᠢᠠᠷᠪᠢᠴᠢ ᠪᠠᠷ | ᠠᠷᠪᠢᠯᠠᠨ ᠭᠠᠮᠨᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ︔ ᠡᠪᠯᠡᠯ ᠤᠨ ᠭᠡᠰᠢᠭᠦᠨ ᠰᠠᠶᠢᠨ | ᠳᠤᠷᠠᠴᠤᠳ ᠢ ᠵᠣᠬᠢᠶᠠᠨ ᠪᠠᠶᠢᠭᠤᠯᠤᠨ ᠰᠢᠨ ᠨᠠᠨ ᠨᠡᠶᠢᠭᠡᠮ ᠲᠣᠭᠤᠷᠢᠭ ᠲᠤ ᠬᠦᠷᠴᠦ ︽ᠪᠣᠬᠢᠷᠲᠤᠯ ᠦᠭᠡᠢ | ᠠᠮᠢᠳᠤᠷᠠᠯ ᠢ ᠰᠠᠨᠠᠭᠠᠴᠢᠯᠠᠵᠤ᠂ ᠱᠠᠯᠢᠨ ᠪᠦᠷᠢᠯᠭᠡᠬᠦ ᠶᠢ ᠡᠰᠡᠷᠭᠦᠴᠡᠬᠦ︾ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ | ᠬᠢᠵᠦ᠂ ᠠᠷᠪᠢᠴᠢ ᠭᠠᠮᠲᠠᠶ ᠪᠠᠷ ᠶᠣᠰᠣ ᠮᠣᠷᠠᠯ ᠢᠶᠠᠨ ᠲᠡᠵᠢᠭᠡᠬᠦ ᠣᠶᠢᠯᠠᠭᠠᠭᠳᠠᠬᠤᠨ ᠢ ᠤᠬᠠᠭᠤᠯᠤᠨ᠎ᠠ︔ ︽ᠪᠣᠯᠪᠠᠰᠤᠨ | ᠬᠤᠭᠤᠯᠠᠨ ᠰᠢᠷᠡᠭᠡ︾ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠮᠨᠡᠯᠭᠡ ᠶᠢᠨ ᠬᠤᠷᠢᠶᠠᠨ ᠤ ᠠᠵᠢᠯᠴᠢᠨ ᠠᠵᠢᠯᠲᠠᠨ ᠢ | ᠳᠠᠶᠢᠴᠢᠯᠠᠨ ᠬᠤᠭᠤᠯᠠ ᠪᠤᠳᠠᠭ᠎ᠠ ᠪᠣᠭᠤᠳᠠᠯᠯᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠨ᠎ᠠ︔ ︽ᠬᠤᠭᠤᠰᠣᠨ | ᠳ᠋ᠢᠰᠺ ᠤᠨ ᠠᠵᠢᠯᠯᠠᠭ᠎ᠠ︾ ᠶᠢᠨ ᠰᠠᠨᠠᠭᠠᠴᠢᠯᠠᠭ᠎ᠠ ᠭᠠᠷᠭᠠᠵᠤ᠂ ᠢᠳᠡᠭᠡᠨ ᠢ ᠪᠦᠷᠢᠯᠭᠡᠨ ᠰᠤᠶᠢᠤᠡᠭᠡᠬᠦ ᠦᠵᠡᠭᠳᠡᠯ ᠢ | ᠪᠠᠭᠠᠰᠬᠠᠪᠠ᠃ | ᠠᠯᠢ ᠣᠯᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠤᠠᠬᠠᠮᠰᠡᠷ ᠢ ᠴᠢᠩᠭᠠᠳᠬᠠᠵᠤ᠂ | ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢ ᠬᠥᠲᠥᠯᠥᠨ ᠵᠢᠯᠤᠭᠤᠳᠤᠭᠰᠠᠨ ᠪᠠᠶᠢᠨ᠎ᠠ᠃ |