ᠬᠠᠶᠢᠷᠤᠪ ᠤᠨ ᠲᠣᠬᠤᠢ ᠲᠣᠭᠤᠷᠢᠭ ᠤᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢ ᠪᠠᠲᠤᠯᠠᠵᠤ ᠠᠷᠠᠳ ᠤᠨ ᠠᠮᠢᠳᠤᠷᠠᠯ ᠤᠨ ᠰᠠᠭᠤᠷᠢ ᠶᠢ ᠪᠠᠲᠤᠯᠠᠨ᠎ᠠ
ᠨᠡᠶᠢᠲᠡᠯᠡᠭᠰᠡᠨ ᠴᠠᠭ᠄
2020/10/26
     ᠤᠶᠢᠷ᠎ᠠ ᠶᠢᠨ ᠵᠢᠯ ᠳᠤ᠂ ᠬᠠᠶᠢᠷᠤᠪ ᠤᠨ ᠲᠣᠬᠤᠢ ᠲᠣᠭᠤᠷᠢᠭ ᠤᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ︽ᠤᠨᠤᠪᠴᠢᠲᠠᠢ ᠫᠠᠶᠢᠰᠠ︾᠎ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ᠃     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠨᠢ ︽ᠨᠡᠶᠢᠭᠡᠮ ᠤᠨ ᠪᠠᠲᠤᠯᠠᠭ᠎ᠠ ᠶᠢᠨ ᠦᠨᠳᠦᠰᠦᠨ ᠵᠤᠶᠢᠯ ᠢ ᠪᠠᠲᠤᠯᠠᠬᠤ︾ ᠴᠢᠬᠤᠯᠠ ᠭᠠᠷᠳᠠᠴᠠ ᠪᠣᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠡᠭᠡ ᠫᠢᠯᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ ᠢᠳᠡᠪᠬᠢᠲᠡᠢ ᠦᠢᠯᠡᠳᠦᠯ ᠦᠵᠡᠭᠦᠯᠵᠦ ᠪᠤᠢ᠃     ᠬᠠᠶᠢᠷᠤᠪ ᠤᠨ ᠲᠣᠬᠤᠢ ᠲᠣᠭᠤᠷᠢᠭ ᠶᠠᠳᠠᠭᠤ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ᠂ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠨᠠᠷᠢᠯᠢᠭ ᠣᠨᠣᠴᠠᠲᠠᠶ ᠪᠠᠷ ᠬᠥᠮᠦᠨ ᠳᠤ ᠬᠦᠷᠲᠡᠯ᠎ᠡ᠂ ᠠᠵᠢᠯ ᠤᠨ ᠲᠥᠰᠦᠯ ᠵᠢᠴᠢ ᠲᠥᠷᠥ ᠶᠢᠨ ᠪᠣᠳᠣᠯᠭ᠎ᠠ‌‍ᠶᠢᠨ ᠬᠡᠷᠡᠭᠵᠢᠭᠦᠯᠬᠦ ᠬᠡᠪᠴᠢᠶ᠎ᠡ ᠶᠢ ᠲᠣᠭᠲᠠᠭᠠᠵᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃      ᠨᠡᠶᠢᠭᠡᠮ ᠤᠨ ᠳᠠᠭᠠᠳᠬᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠢᠯ ᠤᠨ ᠡᠬᠡ ᠳᠠᠩᠰᠠ ᠶᠢ ᠬᠥᠳᠡᠯᠦᠩᠭᠦᠶ ᠪᠠᠷ ᠰᠢᠨᠡᠳᠬᠡᠵᠦ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠬᠠᠷᠠᠭᠠᠯᠵᠠᠭᠰᠠᠨ ᠡᠯᠧᠺᠲᠷᠣᠨ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠵᠤ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠤᠨ᠎ᠡ︔ ᠳᠠᠭᠠᠳᠬᠠᠯ ᠳᠤ ᠣᠷᠣᠯᠴᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠬᠦᠮᠤᠰ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠤᠷᠤᠭᠤᠯᠵᠤ᠂ ︽ᠨᠡᠶᠢᠭᠡᠮ ᠤᠨ ᠳᠠᠭᠠᠳᠬᠠᠯ ᠤᠨ ᠨᠢᠭᠡ ᠪᠦᠯᠦᠭ ᠢ ᠪᠠᠲᠤᠯᠠᠬᠤ︾᠂ ︽ᠥᠲᠡᠯᠪᠡᠯ ᠠᠰᠠᠷᠠᠮᠵᠢ ᠲᠠᠢ ᠪᠠᠶᠢᠬᠤ︾ ᠨᠡᠶᠢᠭᠡᠮ ᠤᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠬᠠᠷᠠᠯᠲᠠ ᠶᠢ ᠪᠡᠶᠡᠯᠡᠭᠦᠯᠦᠨ᠎ᠡ᠃     ᠶᠠᠳᠠᠭᠤ ᠬᠦᠴᠢᠷᠳᠡᠯᠲᠡᠶ ᠬᠥᠮᠦᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠪᠠᠰᠤ ᠵᠣᠬᠢᠬᠤ ᠪᠦᠬᠦᠨ ᠢ ᠪᠠᠲᠤᠯᠠᠬᠤ ᠶᠢ ᠲᠦᠷᠭᠡᠳᠬᠡᠨ ᠪᠡᠶᠡᠯᠡᠭᠦᠯᠬᠦ ᠶᠢᠨ ᠲᠦᠯᠤᠭᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠲᠣᠭᠲᠠᠭᠰᠠᠨ ᠬᠤᠭᠤᠴᠠᠭ᠎ᠠ ᠲᠠᠢ ᠪᠠᠷ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠰᠤᠵᠢᠯ ᠤᠨ ᠳᠠᠭᠠᠳᠬᠠᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠬᠢᠵᠦ᠂ ᠣᠯᠠᠨ ᠲᠦᠮᠡᠨ ᠤ ᠰᠡᠵᠢᠭ ᠢ ᠲᠠᠶᠢᠯᠵᠤ ᠡᠭᠦᠨ ᠤ ᠬᠠᠮᠲᠤ ᠲᠤᠬᠠᠶ ᠶᠢᠨ ᠲᠠᠯᠠᠪᠠᠶ ᠳᠤ ᠶᠠᠳᠠᠭᠤ ᠬᠦᠴᠢᠷᠳᠡᠯᠲᠡᠶ ᠡᠷᠦᠬᠡ ᠳᠤ ᠳᠠᠭᠠᠳᠬᠠᠯ ᠳᠤ ᠣᠷᠣᠯᠴᠠᠬᠤ ᠭᠠᠷ ᠭᠦᠢᠴᠠᠤᠡᠭᠡᠯ ᠬᠢᠵᠦ᠂ ᠨᠥᠬᠦᠴᠡᠯ ᠳᠤ ᠨᠡᠶᠢᠴᠡᠭᠰᠡᠨ ᠣᠯᠠᠨ ᠲᠦᠮᠡᠨ ᠤ ᠢᠳᠡᠪᠬᠢᠲᠡᠶ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃     ︽ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ ᠪᠠᠶᠢᠨ᠎ᠠ᠃ ᠨᠠᠳᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠡᠭᠰᠡᠨ ᠢᠶᠠᠷ ᠪᠠᠷᠠᠬᠤ ᠦᠭᠡᠶ ᠪᠠᠰᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠶᠠᠳᠠᠭᠤ ᠶᠢ ᠲᠡᠳᠬᠦᠬᠦ ᠲᠥᠷᠥ ᠶᠢᠨ ᠪᠤᠳᠤᠯᠭ᠎ᠠ ᠶᠢ ᠬᠦᠷᠲᠡᠭᠡᠵᠡᠶ᠃ ᠲᠡᠷᠡ ᠮᠥᠷᠲᠡᠭᠡᠨ ᠨᠡᠶᠢᠭᠡᠮ ᠤᠨ ᠳᠠᠭᠠᠳᠬᠠᠯ ᠤᠨ ᠰᠠᠯᠠᠭ᠎ᠠ ᠮᠥᠴᠢᠷ ᠤᠨ ᠬᠠᠪᠰᠤᠷᠤᠯᠭ᠎ᠠ ᠳᠣᠣᠷ᠎ᠠ ᠭᠠᠭ᠋ᠠᠢ ᠪᠠ ᠲᠠᠬᠢᠶ᠎ᠠ ᠲᠡᠵᠢᠭᠡᠵᠡᠢ᠂ ᠤᠳᠤ ᠪᠢ ᠠᠵᠢᠯ ᠬᠢᠪᠡᠯ ᠨᠠᠩ ᠬᠦᠴᠦ ᠲᠠᠢ ᠪᠣᠯᠵᠠᠢ᠃ ᠴᠡᠭᠡᠯ ᠠᠭᠤᠯᠠ ᠪᠠᠯᠭᠠᠰᠤᠨ ᠤ ᠰᠢᠨ ᠶᠤᠸᠠᠨ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠰ ᠵᠠᠩ ᠯᠠᠢ ᠬᠡᠯᠡᠪᠡ᠃ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ 2018 ᠤᠨ᠂ ᠬᠠᠶᠢᠷᠤᠪ ᠤᠨ ᠲᠣᠬᠤᠢ ᠲᠣᠭᠤᠷᠢᠭ ᠶᠠᠳᠠᠭᠤ ᠬᠦᠴᠢᠷᠳᠡᠯᠲᠡᠢ ᠡᠷᠦᠬᠡ ᠵᠠᠩ ᠯᠠᠢ ᠶᠢ ᠬᠠᠪᠰᠤᠷᠤᠨ ᠲᠡᠳᠬᠦᠬᠦ ᠳᠤ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠭᠠᠷ ᠭᠦᠢᠴᠡᠳᠬᠡᠯ ᠬᠢᠵᠦ᠂ ᠰᠠᠷ᠎ᠠ ᠪᠦᠷᠢ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ 176.61 ᠲᠥᠭᠦᠷᠢᠭ ᠣᠯᠵᠠᠢ᠃ 2019 ᠣᠨ ᠤ ᠰᠡᠭᠦᠯᠴᠢ ᠪᠠᠷ᠂ ᠵᠠᠩ ᠯᠠᠢ ᠨᠢᠭᠡᠨᠲᠡ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠪᠡᠶᠡᠯᠡᠭᠦᠯᠪᠡ᠃      ᠣᠯᠠᠨ ᠲᠦᠮᠡᠨ ᠳᠤ ᠬᠠᠮᠤᠭ ᠲᠡᠷᠢᠭᠦᠨ ᠳᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢ ᠣᠢᠯᠠᠭᠠᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠪᠠᠰᠠ ᠳᠠᠩᠰᠠᠯᠠᠭᠤᠯᠵᠤ ᠪᠠᠶᠢᠭ᠎ᠠ‌‍ᠰᠠᠭᠤᠭᠠᠯᠢ ᠠᠷᠠᠳ ᠲᠤ ᠲᠣᠭᠲᠠᠮᠠᠯ  ᠬᠤᠭᠤᠴᠠᠭ᠎ᠠ ᠲᠠᠢ ᠪᠠᠷ ᠤᠬᠠᠭᠤᠯᠭ᠎ᠠ ᠶᠢᠨ ᠣᠬᠤᠷ ᠮᠡᠳᠡᠭᠡ ᠬᠦᠷᠭᠡᠵᠦ᠂ ᠤᠯᠠᠨ ᠲᠦᠮᠡᠨ ᠤ ᠮᠡᠳᠡᠬᠦ ᠨᠤᠷᠮ᠎ᠠ‌‍ᠶᠢ ᠳᠡᠭᠡᠭᠰᠢᠯᠡᠭᠦᠯᠵᠡᠢ︔ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠢ ᠰᠠᠶᠢᠲᠤᠷ ᠦᠷᠨᠢᠭᠦᠯᠵᠦ᠂ ᠭᠠᠷ ᠤᠲᠠᠰᠤᠨ ᠤ ᠸᠢᠴᠠᠲ ᠵᠢᠴᠢ ᠥᠪᠥᠷ ᠮᠣᠩᠭᠤᠯ ᠤᠨ 12333APP ᠭᠡᠷᠡᠴᠢᠯᠡᠭᠡ ᠬᠢᠬᠦ ᠵᠢᠴᠢ ᠡᠭᠦᠳᠡᠨ ᠳᠤ ᠣᠴᠢᠵᠤ ᠤᠶᠢᠯᠡᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠤᠶᠢᠯᠡᠴᠢᠯᠡᠬᠦ  ᠶᠢ  ᠦᠨᠡᠨᠬᠦ ᠪᠡᠶᠡᠯᠡᠭᠦᠯᠤᠨ᠎ᠡ᠃       ᠬᠠᠶᠢᠷᠤᠪ ᠤᠨ ᠲᠣᠬᠤᠢ ᠶᠢᠨ ᠲᠣᠭᠤᠷᠢᠭ ᠠᠷᠠᠳ ᠤᠨ ᠠᠮᠢᠳᠤᠷᠠᠯ ᠤᠨ ᠠᠵᠢᠯ ᠤᠨ ᠲᠠᠯ᠎ᠠ ᠪᠠᠷ ᠥᠷᠭᠡᠨ ᠤᠯᠠᠨ ᠠᠷᠠᠳ ᠲᠦᠮᠡᠨ ᠳᠤ ᠥᠭᠡᠷᠡᠴᠢᠯᠡᠯᠲᠡ ᠶᠢᠨ ᠠᠪᠴᠢᠷᠠᠭᠰᠠᠨ ᠦᠷ᠎ᠡ ᠪᠦᠲᠦᠭᠡᠯ ᠢ ᠡᠳ᠋ᠯᠡᠭᠦᠯᠪᠡ᠃ ︽ᠬᠤᠲᠠ ᠶᠢᠨ ᠠᠷᠠᠳ ᠣᠯᠠᠨ ᠲᠦᠮᠡᠨ ᠡᠯᠪᠡᠭ ᠬᠤᠷᠢᠶᠠᠯᠲᠠ ᠣᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠡᠭᠦᠰᠬᠡᠯ ᠦᠭᠡᠢ︾᠂ ᠬᠠᠶᠢᠷᠤᠪ ᠤᠨ ᠲᠣᠬᠤᠢ ᠶᠢᠨ ᠲᠣᠭᠤᠷᠢᠭ ᠵᠢᠵᠢᠭ ᠪᠣᠳᠠᠲᠤ ᠶᠠᠪᠤᠳᠠᠯ ᠢᠶᠠᠷ ᠠᠷᠠᠳ ᠤᠨ ᠠᠮᠢᠳᠤᠷᠠᠯ ᠪᠣᠯᠭᠠᠨ ᠬᠤᠷᠠᠮᠳᠤᠭᠤᠯᠵᠤ᠂ ᠠᠷᠠᠳ ᠤᠯᠠᠨ ᠤ ᠰᠠᠨᠠᠭᠠᠨ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号