ᠬᠤᠲᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ ᠤᠰᠤᠨ ᠠᠰᠢᠭᠯᠠᠯᠲᠠ ᠶᠢᠨ ᠶᠠᠮᠤᠨ ᠤ ᠬᠠᠳᠤᠨ ᠭᠤᠤᠯ ᠤᠨ ᠤᠰᠤᠨ ᠠᠰᠢᠭᠯᠠᠯᠳᠠ ᠶᠢᠨ ᠵᠥᠪᠯᠡᠯ ᠳᠤ ᠵᠤᠯᠭᠠᠭᠤᠯᠳᠠ ᠶᠢᠨ ᠠᠵᠢᠯ ᠢᠶᠠᠨ ᠬᠠᠷᠢᠭᠤ ᠮᠡᠳᠡᠭᠦᠯᠪᠡ
ᠨᠡᠶᠢᠲᠡᠯᠡᠭᠰᠡᠨ ᠴᠠᠭ᠄
2020/10/29
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠪᠦᠯᠬᠦᠮ ᠳᠠᠭᠠᠭᠤᠯᠤᠨ ᠬᠠᠳᠤᠨ ᠭᠤᠤᠯ ᠤᠨ ᠤᠰᠤᠨ ᠠᠰᠢᠭᠯᠠᠯᠳᠠ ᠶᠢᠨ ᠵᠥᠪᠯᠡᠯ ᠳᠤ ᠵᠤᠯᠭᠠᠭᠤᠯᠳᠠ ᠶᠢᠨ ᠠᠵᠢᠯ ᠢᠶᠠᠨ ᠲᠣᠰᠬᠠᠢ ᠰᠡᠳᠦᠪ ᠢᠶᠠᠷ ᠬᠠᠷᠢᠭᠤ ᠮᠡᠳᠡᠭᠦᠯᠪᠡ᠃ ᠤᠰᠤᠨ ᠠᠰᠢᠭᠯᠠᠯᠲᠠ ᠶᠢᠨ ᠶᠠᠮᠤᠨ ᠤ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠤᠸᠠᠢ ᠵᠦᠩ ᠮᠢᠩ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠳᠡᠳ᠋ ᠬᠤᠲᠠ ᠶᠢᠨ ᠳᠠᠷᠤᠭ᠎ᠠ ᠯᠢᠦ ᠰᠣ᠋ ᠬᠤᠩ᠂ ᠬᠠᠳᠤᠨ ᠭᠤᠤᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠠᠩ ᠰᠠᠨ ᠬᠤᠩ ᠨᠠᠷ ᠬᠤᠷᠠᠯ ᠳᠤ ᠬᠠᠮᠲᠤ ᠪᠠᠷ ᠣᠷᠣᠯᠴᠠᠪᠠ᠃      ᠶᠠᠷᠢᠯᠴᠠᠬᠤ  ᠬᠤᠷᠠᠯ ᠠᠴᠠ ᠡᠮᠦᠨ᠎ᠡ᠂ ᠮᠠᠨ ᠤ ᠬᠤᠲᠠ ᠬᠠᠳᠤᠨ ᠭᠤᠣᠯ ᠤᠨ ᠬᠠᠶᠢᠨ ᠪᠠᠶᠢᠴᠠᠭᠠᠬᠤ ᠲᠥᠯᠥᠪᠵᠢᠭᠦᠯᠪᠡ ᠵᠢᠷᠤᠭ ᠲᠥᠯᠥᠪᠯᠡᠭᠡᠨ ᠤ ᠬᠦᠷᠢᠶᠡᠯᠡᠩ ᠯᠦᠭᠡ ᠰᠣᠯᠢᠯᠴᠠᠭ᠎ᠠ ᠬᠢᠵᠦ᠂ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠤᠰᠤᠨ ᠤ ᠡᠬᠢ ᠪᠠᠶᠠᠯᠢᠭ ᠤᠨ ᠬᠤᠬᠢᠷᠠᠯ ᠢ ᠪᠠᠭᠠᠰᠬᠠᠬᠤ ᠢᠨᠵᠧᠨᠧᠷᠢᠩ ᠤᠨ ᠬᠤᠯᠪᠣᠭᠳᠠᠯ ᠪᠦᠬᠦᠢ ᠤᠴᠢᠷ ᠢ ᠶᠠᠷᠢᠯᠴᠠᠪᠠ᠃ ᠱᠢ ᠸᠠᠨ ᠵᠢᠶᠦ᠋ᠨ ᠨᠡᠷ ᠬᠠᠳᠤᠨ ᠭᠤᠣᠯ ᠤᠨ ᠤᠰᠤᠨ ᠤ ᠬᠡᠮᠵᠢᠶ᠎ᠡ ᠶᠢ ᠶᠡᠷᠦᠩᠬᠡᠢ ᠲᠤᠬᠢᠷᠠᠭᠤᠯᠬᠤ ᠲᠥᠪ ᠢ ᠲᠣᠭᠤᠷᠢᠨ ᠦᠵᠡᠵᠦ ᠂ ᠬᠠᠳᠤᠨ ᠭᠤᠣᠯ ᠤᠨ ᠤᠰᠤᠨ ᠤ ᠬᠡᠮᠵᠢᠶ᠎ᠡ ᠶᠢ ᠬᠠᠳᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠳᠤ ᠬᠡᠷᠡᠭᠯᠡᠭᠰᠡᠨ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠤᠰᠤᠨ ᠤ ᠬᠡᠮᠵᠢᠶ᠎ᠡ ᠶᠢᠨ ᠬᠦᠢᠴᠡᠳᠭᠡᠯ ᠲᠤᠭᠠᠨ ᠤ ᠬᠤᠪᠢᠶᠠᠷᠢᠯᠠᠯᠲᠠ᠂ ᠪᠣᠳᠠᠲᠠᠢ ᠬᠡᠷᠡᠭᠯᠡᠭᠰᠡᠨ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠱᠢ ᠸᠠᠨ ᠵᠢᠶᠦ᠋ᠨ ᠬᠠᠲᠤᠨ ᠭᠤᠤᠯ ᠤᠨ ᠣᠰᠣᠨ ᠠᠰᠢᠭᠯᠠᠯᠳᠠ ᠶᠢᠨ ᠵᠥᠪᠯᠡᠯ ᠤᠨ ᠦᠬᠠᠶ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠳᠡᠢ ᠳᠡᠮᠵᠢᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠪᠣᠯᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠪᠣᠯᠤᠨ ᠬᠡᠷᠡᠭᠯᠡᠯᠳᠡ ᠶᠢᠨ ᠪᠠᠶᠢᠳᠠᠯ ᠢᠶᠠᠨ ᠨᠠᠷᠢᠨ ᠮᠡᠳᠡᠭᠦᠯᠵᠤ᠂ ᠬᠠᠳᠤᠨ ᠭᠤᠤᠯ ᠤᠨ ᠣᠰᠣᠨ ᠠᠰᠢᠭᠯᠠᠯᠳᠠ ᠶᠢᠨ ᠵᠥᠪᠯᠡᠯ ᠦᠬᠠᠶ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠦᠬᠠᠶ ᠳᠤ ᠤᠰᠤᠨ ᠤ ᠡᠬᠢ ᠪᠠᠶᠠᠯᠢᠭ ᠳᠤᠲᠠᠭᠳᠠᠬᠤ᠂ ᠴᠥᠭᠦᠷᠥᠮ ᠤᠨ ᠣᠷᠣᠨ ᠤ ᠲᠣᠭᠤᠰᠣ ᠶᠢ ᠵᠠᠰᠠᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠢᠯᠡᠳᠲᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠬᠡᠵᠡᠢ᠃ ᠶᠤᠸᠠᠢ ᠵᠥᠩ ᠮᠢᠩ ᠵᠢᠭᠠᠵᠤ ᠭᠠᠷᠭᠠᠭᠰᠠᠨ ᠨᠢ᠂ ᠦᠬᠠᠶ ᠬᠤᠲᠠ ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤ ᠬᠡᠷᠡᠭᠯᠡᠬᠦ ᠪᠦᠬᠦ ᠶᠠᠪᠤᠴᠠ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠬᠡᠷᠡᠭᠯᠡᠬᠦ ᠬᠡᠷᠡᠭᠴᠡᠭᠡ ᠶᠢ ᠵᠦᠶ ᠵᠣᠬᠢᠰᠲᠠᠶ ᠲᠥᠯᠥᠪᠵᠢᠭᠦᠯᠵᠦ᠂ ᠤᠰᠤ ᠶᠢ ᠡᠭᠡᠭᠦᠯᠦᠨ ᠬᠡᠷᠡᠭᠯᠡᠬᠦ᠂ ᠤᠰᠤᠨ ᠤ ᠡᠷᠬᠡ ᠶᠢ ᠰᠢᠯᠵᠢᠭᠦᠯᠦᠨ ᠥᠭᠬᠦ ᠠᠷᠠᠯᠵᠢᠶ᠎ᠠ᠂ ᠤᠰᠤ ᠠᠷᠪᠢᠯᠠᠬᠤ ᠢᠨᠵᠧᠨᠧᠷᠢᠩ ᠢ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢᠶᠠᠨ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠳᠡᠢ᠃ ᠬᠠᠳᠤᠨ ᠭᠤᠣᠯ ᠤᠨ ᠦᠬᠠᠶ ᠶᠢᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠶᠡᠭᠡ ᠤᠷᠤᠰᠬᠠᠯ ᠤᠨ ᠬᠡᠮᠵᠢᠶ᠎ᠡ ᠪᠠᠷ ᠭᠤᠤᠯ ᠢ ᠪᠢᠲᠡᠭᠦᠮᠵᠢᠯᠡᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠰᠤᠨ ᠳᠡᠭᠡᠷᠡᠬᠢ ᠬᠡᠷᠡᠯ ᠴᠡᠨᠡᠭ ᠢ ᠵᠣᠬᠢᠰᠲᠠᠶ ᠬᠥᠭᠵᠢᠭᠦᠯᠵᠦ᠂ ᠴᠥᠭᠦᠷᠥᠮ ᠤᠨ ᠣᠷᠣᠨ ᠤ ᠲᠣᠭᠤᠰᠣ ᠳᠡᠭᠳᠡᠬᠦ ᠶᠢ ᠵᠠᠰᠠᠬᠤ ᠠᠵᠢᠯ ᠢᠶᠠᠨ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠬᠠᠳᠤᠨ ᠭᠤᠤᠯ ᠤᠨ ᠬᠠᠶᠢᠨ ᠪᠠᠶᠢᠴᠠᠭᠠᠬᠤ ᠲᠥᠯᠥᠪᠵᠢᠭᠦᠯᠪᠡ ᠵᠢᠷᠤᠭ ᠲᠥᠯᠥᠪᠯᠡᠭᠡᠨ ᠤ ᠬᠦᠷᠢᠶᠡᠯᠡᠩ ᠵᠣᠬᠢᠰᠲᠠᠶ ᠰᠣᠳᠣᠯᠣᠯᠳᠠ ᠬᠢᠵᠦ᠂ ᠬᠠᠳᠤᠨ ᠭᠤᠤᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠭᠤᠤᠯ ᠴᠥᠭᠦᠷᠥᠮ ᠤᠨ ᠣᠷᠣᠨ ᠤ ᠤᠰᠤᠨ ᠤ ᠡᠭᠢ ᠪᠠᠶᠠᠯᠢᠭ ᠤᠨ ᠬᠤᠷᠣᠭᠳᠠᠯ ᠢ ᠪᠠᠭᠠᠰᠬᠠᠭᠰᠠᠨ ᠪᠠᠶᠢᠳᠠᠯ ᠳᠤ ᠴᠢᠭᠯᠡᠭᠦᠯᠦᠨ ᠪᠣᠯᠤᠮᠵᠢᠲᠠᠶ ᠰᠢᠢᠳᠪᠦᠷᠢᠯᠡᠬᠦ ᠲᠥᠰᠦᠯ ᠳᠤᠷᠠᠳᠴᠤ᠂ ᠬᠠᠳᠤᠨ ᠭᠤᠤᠯ ᠤᠨ ᠦᠬᠠᠶ ᠶᠢᠨ ᠬᠡᠰᠡᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠳᠡᠭᠡᠷ᠎ᠡ᠂ ᠮᠠᠨ ᠤ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠲᠣᠭᠤᠰᠣ ᠰᠢᠷᠣᠢ ᠶᠢ ᠵᠠᠰᠠᠬᠤ ᠪᠠ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠤᠰᠤᠨ ᠤ ᠡᠬᠢ ᠪᠠᠶᠠᠯᠢᠭ ᠤᠨ ᠬᠤᠬᠢᠷᠠᠯ ᠢ ᠪᠠᠭᠠᠰᠬᠠᠬᠤ ᠢᠨᠵᠧᠨᠧᠷᠢᠩ ᠵᠢᠴᠢ ᠬᠠᠳᠤᠨ ᠭᠤᠣᠯ ᠤᠨ ᠦᠬᠠᠢ ᠶᠢᠨ ᠬᠡᠰᠡᠭ ᠤᠨ ᠤᠰᠤ ᠲᠠᠲᠠᠬᠤ ᠢᠨᠵᠧᠨᠧᠷᠢᠩ ᠢ ᠡᠮᠬᠢᠯᠡᠨ ᠨᠡᠶᠢᠯᠡᠭᠦᠯᠬᠦ ᠲᠥᠯᠥᠪᠵᠢᠭᠦᠯᠪᠡ ᠵᠡᠷᠭᠡ ᠨᠠᠷᠢᠨ ᠪᠠᠶᠢᠳᠠᠯ ᠢᠶᠠᠨ ᠬᠠᠷᠢᠭᠤ ᠮᠡᠳᠡᠭᠦᠯᠵᠡᠢ᠃    
 
ᠢᠷᠡᠯᠲᠡ᠄ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号