ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠲᠦᠷᠪᠡᠨ ᠳᠤᠭᠤᠶᠢᠯᠠᠩ ᠡᠳᠦᠷ ᠲᠤᠲᠤᠮ ᠤᠨ | ᠬᠢᠨᠠᠯᠲᠠ ᠪᠠᠷ ᠤᠯᠤᠰ ᠲᠥᠷᠥ ᠶᠢᠨ ᠬᠢᠨᠠᠯᠲᠠ ᠶᠢ ᠠᠬᠢᠭᠤᠯᠪᠠ | ᠲᠣᠮᠢᠯᠠᠨ ᠰᠠᠭᠤᠯᠭᠠᠬᠤ ᠬᠢᠨᠠᠯᠲᠠ ᠪᠣᠯ ᠮᠥᠨ ᠴᠢᠨᠠᠷ ᠳᠡᠭᠡᠷ᠎ᠡ ᠪᠠᠨ ᠤᠯᠤᠰ ᠲᠥᠷᠥ ᠶᠢᠨ ᠬᠢᠨᠠᠯᠲᠠ ᠮᠥᠨ᠂ | ᠭᠤᠣᠯ ᠨᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠤᠡᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ | ᠴᠢᠩᠭᠠᠤᠯᠤᠰ ᠲᠦᠷᠦ ᠶᠢᠨ ᠪᠠᠲᠤᠯᠠᠭ᠎ᠠ ᠬᠠᠩᠭᠠᠬᠤ ᠶᠠᠪᠤᠳᠠᠯ ᠪᠣᠯᠤᠨ᠎ᠠ᠃ ᠡᠳᠦᠷ ᠲᠤᠳᠤᠮ ᠤᠨ ᠬᠢᠨᠠᠯᠲᠠ ᠲᠠᠯᠪᠢᠬᠤ | ᠭᠤᠤᠯᠳᠠᠯᠭᠠᠨᠢ ᠡᠷᠲᠡ ᠠᠴᠠ ᠠᠳᠬᠤᠵᠤ ᠪᠠᠭᠠᠡᠴᠠ ᠠᠳᠬᠤᠬᠤ ᠶᠠᠪᠤᠳᠠᠯ ᠤᠨ ᠬᠢᠨᠠᠯᠲᠠ ᠲᠠᠯᠪᠢᠬᠤ ᠶᠢᠨ ᠰᠠᠭᠤᠷᠢ | ᠮᠥᠨ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠲᠦᠷᠪᠡᠨ ᠳᠤᠭᠤᠶᠢᠯᠠᠩ ᠨᠢ ᠤᠯᠤᠰ ᠲᠦᠷᠦ ᠶᠢᠨ | ᠬᠢᠨᠠᠯᠲᠠ ᠶᠢ ᠡᠳᠦᠷ ᠲᠤᠳᠤᠮ ᠤᠨ ᠬᠢᠨᠠᠯᠲᠠ ᠳᠤ ᠠᠬᠤᠭᠤᠯᠵᠤ᠂ ᠡᠳᠦᠷ ᠲᠤᠳᠤᠮ ᠤᠨ ᠬᠢᠨᠠᠯᠲᠠ ᠪᠠᠷ ᠤᠯᠤᠰ | ᠲᠦᠷᠦ ᠶᠢᠨ ᠬᠢᠨᠠᠯᠲᠠ ᠶᠢ ᠠᠬᠢᠭᠤᠯᠪᠠ᠃ | ᠨᠢᠭᠡ ᠳᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠠᠤᠡᠭᠡᠵᠤ ᠬᠢᠨᠠᠯᠲᠠ | ᠲᠠᠯᠪᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ︽ᠨᠢᠭᠡᠳᠦᠭᠡᠷ ᠭᠠᠷ︾ ᠢ ᠰᠢᠮᠳᠠᠭᠤᠯᠵᠤ ᠪᠠᠶᠢᠭᠠᠳ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠳᠤ ᠠᠳᠬᠤᠵᠤ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠵᠢᠴᠢ ᠲᠡᠭᠦᠨ ᠤ ᠭᠤᠤᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ | ᠲᠣᠳᠣᠷᠬᠠᠶᠢᠯᠠᠨ᠎ᠠ᠃ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠨᠠᠮ ᠤᠨ ᠤᠳᠤᠷᠢᠳᠬᠤ | ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ᠂ ᠪᠠᠭ ᠤᠨ ᠪᠦᠷᠢᠯᠳᠦᠬᠦᠨ ᠤ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠪᠠ ᠤᠯᠤᠰ ᠲᠥᠷᠥ ᠶᠢᠨ ᠬᠠᠷᠢᠭᠤᠴᠠᠯᠭᠠᠶᠢᠨ ᠨᠠᠷᠢᠨ ᠬᠠᠭᠤᠳᠠᠰᠤ ᠶᠢ ᠪᠠᠶᠢᠭᠤᠯᠤᠨ᠎ᠠ᠃ | ᠬᠤᠶᠠᠷ ᠲᠤ᠂ ᠡᠳᠦᠷ ᠲᠤᠲᠤᠮ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠎ᠠ᠃ ︽ᠨᠢᠭᠡᠳᠦᠭᠡᠷ ᠭᠠᠷ︾ | ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠢ ᠡᠳᠦᠷ ᠲᠤᠲᠤᠮ ᠤᠨ ᠬᠢᠨᠠᠯᠲᠠ ᠲᠠᠯᠪᠢᠬᠤ ᠭᠤᠣᠯᠳᠠᠯᠭᠠᠳᠤ ᠣᠷᠣᠭᠤᠯᠵᠤ᠂ ᠡᠯ᠎ᠡ ᠰᠠᠯᠠᠭ᠎ᠠ | ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠰᠡᠳᠬᠢᠯ ᠳᠡᠭᠡᠨ ᠲᠠᠯᠪᠢᠵᠤ᠂ ᠮᠥᠷᠥᠨ ᠳᠡᠭᠡᠨ ᠡᠭᠦᠷᠭᠡᠯᠡᠵᠦ᠂ | ᠭᠠᠷ ᠲᠠᠭᠠᠨ ᠠᠳᠬᠤᠵᠤ᠂ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠱᠦᠵᠢ ᠶᠢ ᠨᠠᠩ ᠢᠯᠡᠭᠦᠦ ᠬᠠᠷᠢᠭᠤᠴᠠᠯᠭ᠎ᠠ ᠮᠡᠳᠡᠵᠦ᠂ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠬᠦ ᠶᠢ | ᠠᠬᠢᠭᠤᠯᠬᠤ ᠶᠢᠨ ᠲᠥᠯᠥᠭᠡ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷᠲᠤ ᠴᠢᠨᠠᠷ ᠪᠠ | ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠵᠤ᠂ ᠡᠷᠬᠡ ᠶᠢᠨ ᠠᠵᠢᠯᠯᠠᠭᠠᠨ ᠤ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ | ᠠᠩᠬᠠᠷᠴᠤ᠂ ᠳᠥᠷᠪᠡᠳᠦᠭᠡᠷ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠵᠤ ᠡᠳᠦᠷ | ᠲᠤᠲᠤᠮ ᠤᠨ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠡᠨᠡ ᠵᠢᠯ ᠠᠴᠠ ᠨᠠᠰᠢ ᠠᠯᠪᠠᠨ ᠲᠡᠷᠭᠡᠨ ᠤ ᠬᠠᠮᠢᠶᠠᠷᠤᠯᠲᠠ | ᠂ ᠠᠯᠪᠠᠨ ᠭᠡᠷ ᠤᠨ ᠬᠠᠮᠢᠶᠠᠷᠤᠯᠲᠠ ᠵᠡᠷᠭᠡ ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ ᠢ 25 ᠬᠤᠪᠢ | ᠶᠠᠪᠤᠭᠤᠯᠵᠤ᠂ 2020 ᠣᠨ ᠤ ︽5 · 1︾ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠬᠤᠭᠤᠴᠠᠭᠠᠨ ᠳᠤ ︽ᠳᠥᠷᠪᠡᠨ ᠰᠤᠷᠲᠠᠯ︾ ᠢ ᠵᠠᠯᠠᠷᠠᠭᠤᠯᠬᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ | ᠪᠦᠷᠢᠯᠭᠡᠨ ᠰᠤᠶᠢᠤᠡᠭᠡᠬᠦ ᠶᠢ ᠡᠰᠡᠷᠭᠦᠴᠡᠬᠦ᠂ ︽︿ᠣᠭ ᠰᠠᠨᠠᠭᠠᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠶ | ᠰᠠᠨᠠᠯ︾ ᠢ ᠨᠠᠶᠢᠳᠠᠪᠤᠷᠢᠵᠢᠭᠤᠯᠬᠤ ᠵᠡᠷᠭᠡ 63 ᠬᠤᠪᠢ ᠰᠠᠨᠠᠭᠤᠯᠤᠮᠵᠢ ᠶᠢᠨ ᠵᠠᠬᠢᠳᠠᠯ ᠶᠠᠪᠤᠭᠤᠯᠵᠠᠢ᠃ | ᠭᠤᠷᠪᠠ ᠳᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ︽ᠬᠠᠶᠢᠭᠤᠷ︾ ᠢ ᠬᠤᠷᠴᠠ ᠪᠣᠯᠭᠠᠵᠤ᠂ ᠰᠠᠭᠤᠭ᠎ᠠ | ᠨᠢᠭᠡᠴᠡ ᠶᠢᠨ ᠠᠷᠢᠭᠤᠨ ᠴᠢᠬᠡᠴᠢ ᠵᠠᠰᠠᠭ ᠤᠨ ᠲᠦᠭᠰᠢᠭᠦᠷᠢ ᠶᠢᠨ ᠴᠡᠭ ᠤᠨ ᠨᠠᠷᠢᠨ ᠳᠠᠩᠰᠠ ᠶᠢ ᠪᠠᠶᠢᠭᠤᠯᠵᠤ᠂ ᠡᠯ᠎ᠡ | ᠲᠥᠷᠥᠯ ᠤᠨ ᠲᠤᠰᠬᠠᠶ ᠪᠠᠶᠢᠴᠠᠭᠠᠯᠲᠠ ᠬᠢᠬᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠨ ᠰᠠᠭᠤᠭ᠎ᠠ ᠨᠢᠭᠡᠴᠡ ᠶᠢᠨ ︽ᠨᠢᠭᠡᠳᠦᠭᠡᠷ ᠭᠠᠷ︾ ᠤᠨ ︽ᠭᠤᠷᠪᠠᠨ ᠴᠢᠬᠤᠯᠠ ᠨᠢᠭᠡ | ᠶᠡᠭᠡ︾ ᠬᠡᠷᠡᠭ ᠶᠠᠪᠤᠳᠠᠯ ᠤᠨ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠲᠥᠪᠯᠡᠷᠡᠯ ᠤᠨ ᠶᠣᠰᠣ ᠶᠢ | ᠬᠡᠷᠡᠭᠵᠢᠭᠦᠯᠦᠭᠰᠡᠨ ᠵᠡᠷᠭᠡ ᠪᠠᠶᠢᠳᠠᠯ ᠳᠤ ︽ᠪᠡᠶ᠎ᠡ ᠪᠠᠷ ᠢᠶᠠᠨ ᠬᠢᠨᠠᠯᠲᠠ ᠲᠠᠯᠪᠢᠬᠤ︾ ᠠᠵᠢᠯᠯᠠᠭ᠎ᠠ ᠬᠢᠵᠦ᠂ ᠠᠰᠠᠭᠤᠳᠠᠯ ᠢ | ᠵᠢᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠬᠢᠨᠠᠯᠲᠠ ᠲᠠᠯᠪᠢᠬᠤ ᠲᠣᠭᠲᠠᠴᠠ ᠶᠢ ᠲᠠᠰᠤᠷᠠᠯᠲᠠ ᠥᠬᠡᠶ ᠰᠦᠪᠡᠭᠴᠢᠯᠡᠨ | ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠨᠢᠭᠲᠠᠴᠠ ᠶᠢ ᠳᠡᠭᠡᠭᠰᠢᠯᠡᠭᠦᠯᠦᠨ᠂ ᠬᠢᠨᠠᠯᠲᠠ ᠲᠠᠯᠪᠢᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ |