ᠮᠠᠨ ᠤ ᠬᠤᠳᠠ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠫᠤᠤ ᠵᠡᠪᠰᠡᠭ ᠲᠡᠯᠪᠡᠷᠡᠬᠦ ᠡᠳ᠋ ᠪᠤᠳᠠᠰ᠂ ᠰᠦᠯᠵᠢᠶᠡᠨ ᠳᠡᠭᠡᠷ᠎ᠡ ᠳᠠᠭᠤᠷᠢᠶᠠᠮᠠᠯ ᠫᠤᠤ ᠬᠤᠳᠠᠯᠳᠣᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠤᠭᠢᠯᠳᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/11
     11 ᠰᠠᠷ᠎ᠠ ᠶᠢᠨ 6᠎ ᠤ ᠡᠳᠦᠷ᠂ ᠮᠠᠨ ᠤ ᠬᠤᠳᠠ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠫᠤᠤ ᠵᠡᠪᠰᠡᠭ ᠲᠡᠯᠪᠡᠷᠡᠬᠦ ᠡᠳ᠋ ᠪᠤᠳᠠᠰ᠂ ᠰᠦᠯᠵᠢᠶᠡᠨ ᠳᠡᠭᠡᠷ᠎ᠡ ᠳᠠᠭᠤᠷᠢᠶᠠᠮᠠᠯ ᠫᠤᠤ ᠬᠤᠳᠠᠯᠳᠣᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠤᠭᠢᠯᠳᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ︽ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠥᠬᠦ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠫᠤᠤ ᠵᠡᠪᠰᠡᠭ ᠲᠡᠯᠪᠡᠷᠡᠬᠦ ᠡᠳ᠋ ᠪᠤᠳᠠᠰ ᠤᠨ ᠲᠤᠬᠠᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ ︵2020 — 2022 ᠣᠨ︶︾ ︽ᠦᠬᠠᠶ ᠬᠤᠲᠠ ᠶᠢᠨ ᠰᠦᠯᠵᠢᠶᠡᠨ ᠳᠡᠭᠡᠷ᠎ᠡ ᠳᠠᠭᠤᠷᠢᠶᠠᠮᠠᠯ ᠫᠤᠤ ᠬᠤᠳᠠᠯᠳᠣᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾᠎ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠪᠠ ᠪᠠᠶᠢᠴᠠᠭᠠᠨ ᠴᠠᠭᠠᠵᠠᠯᠠᠬᠤ ᠠᠵᠢᠯ ᠢᠶᠠᠨ ᠴᠢᠩᠭᠠᠳᠬᠠᠬᠤ ᠬᠡᠷᠡᠭᠳᠡᠢ︔ ᠫᠤᠤ ᠵᠡᠪᠰᠡᠭ ᠳᠡᠯᠪᠡᠷᠡᠬᠦ ᠡᠳ᠋ ᠪᠣᠳᠠᠰ ᠢ ᠴᠢᠩᠭ᠎ᠠ ᠬᠠᠮᠢᠶᠠᠷᠴᠤ ᠴᠢᠩᠭ᠎ᠠ ᠬᠢᠵᠠᠭᠠᠷᠯᠠᠵᠤ᠂ ᠫᠤᠤ ᠵᠡᠪᠰᠡᠭ ᠲᠡᠯᠪᠡᠷᠡᠬᠦ ᠡᠳ᠋ ᠪᠤᠳᠠᠰ ᠤᠨ ᠲᠤᠬᠠᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠢᠩᠭ᠎ᠠ ᠵᠠᠰᠠᠬᠤ ᠬᠡᠷᠡᠭ ᠲᠠᠢ︔ ᠰᠦᠯᠵᠢᠶᠡᠨ ᠳᠡᠭᠡᠷ᠎ᠡ ᠳᠠᠭᠤᠷᠢᠶᠠᠮᠠᠯ ᠫᠤᠤ ᠬᠤᠳᠠᠯᠳᠣᠬᠤ ᠡᠬᠢ ᠡᠭᠦᠰᠦᠯ ᠪᠠ ᠠᠷᠭ᠎ᠠ ᠵᠠᠮ ᠤᠨ ᠬᠢᠨᠠᠯᠲᠠ ᠬᠠᠮᠢᠶᠠᠷᠣᠯᠳᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ᠂ ᠲᠡᠭᠡᠭᠡᠪᠦᠷᠢᠯᠡᠭᠰᠡᠨ᠂ ᠪᠣᠷᠣᠯᠠᠭᠤᠯᠤᠭᠰᠠᠨ᠂ ᠰᠢᠤᠳᠠᠨ ᠢᠶᠠᠷ ᠶᠠᠪᠤᠭᠤᠯᠤᠭᠰᠠᠨ ᠵᠡᠷᠭᠡ ᠡᠯ᠎ᠡ ᠲᠥᠷᠥᠯ ᠤᠨ ᠬᠡᠷᠡᠭ ᠢ ᠴᠢᠩᠭ᠎ᠠ ᠮᠦᠷᠳᠡᠨ ᠪᠠᠶᠢᠴᠠᠭᠠᠬᠤ ᠶᠢᠨ ᠬᠠᠮᠲᠤ᠂ ᠬᠤᠯᠪᠤᠭᠳᠠᠯ ᠪᠦᠬᠦᠢ ᠦᠢᠯᠡ ᠠᠵᠢᠯᠯᠠᠭ᠎ᠠ ᠶᠢ ᠴᠢᠩᠭ᠎ᠠ ᠰᠢᠢᠳᠭᠡᠬᠦ ᠬᠡᠷᠡᠭᠳᠡᠢ ᠬᠡᠵᠡᠢ᠃
 
ᠢᠷᠡᠯᠲᠡ᠄ ᠦᠬᠠᠢ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号