ᠤᠯᠤᠰ ᠲᠥᠷᠥ ᠶᠢᠨ ᠵᠥᠪᠯᠡᠯᠭᠡᠨ ᠤ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/11
     11 ᠰᠠᠷ᠎ᠠ ᠶᠢᠨ 9᠎ ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃
     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ︔ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠤᠯᠤᠰ ᠲᠦᠷᠦ ᠶᠢᠨ ᠵᠥᠪᠯᠡᠯᠭᠡᠨ ᠤ ᠬᠠᠶᠢᠷᠤᠪ ᠤᠨ ᠲᠤᠬᠤᠢ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽ᠤᠯᠤᠰ ᠲᠦᠷᠦ ᠶᠢᠨ ᠵᠥᠪᠯᠡᠯᠭᠡᠨ ᠤ ᠬᠠᠶᠢᠷᠤᠪ ᠤᠨ ᠲᠤᠬᠤᠢ ᠲᠣᠭᠤᠷᠢᠭ ᠤᠨ ᠵᠥᠪᠯᠡᠯ ᠤᠨ ᠠᠷᠠᠳᠴᠢᠯᠠᠯ ᠢᠶᠠᠷ ᠦᠨᠡᠯᠡᠬᠦ ᠲᠣᠭᠤᠷᠢᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠦᠷᠳᠡᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽ᠤᠯᠤᠰ ᠲᠦᠷᠦ ᠶᠢᠨ ᠵᠥᠪᠯᠡᠯᠭᠡᠨ ᠤ ᠬᠠᠶᠢᠷᠤᠪ ᠤᠨ ᠲᠤᠬᠤᠢ ᠲᠣᠭᠤᠷᠢᠭ ᠤᠨ ᠵᠥᠪᠯᠡᠯ ᠤᠨ ᠠᠷᠠᠳᠴᠢᠯᠠᠯ ᠢᠶᠠᠷ ᠦᠨᠡᠯᠡᠬᠦ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠤᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠵᠢᠯᠣᠭᠤᠳᠬᠤ ᠶᠢ ᠪᠠᠷᠢᠮᠲᠠᠯᠠᠵᠠᠶ᠃ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠡᠭᠦᠷᠭᠡ ᠲᠤᠰᠢᠶᠠᠯ ᠢᠶᠠᠨ ᠭᠦᠢᠴᠠᠤᠡᠭᠡᠬᠦ ᠰᠡᠳᠬᠢᠴᠡ᠂ ᠠᠵᠢᠯ ᠤᠨ ᠠᠷᠭ᠎ᠠ ᠬᠡᠮᠵᠢᠶ᠎ᠡ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ︔ ᠰᠠᠨᠠᠯ ᠳᠤᠷᠠᠳᠤᠯᠭ᠎ᠠ ᠶᠢ ᠰᠢᠢᠤᠡᠪᠤᠷᠢᠯᠡᠬᠦ ᠨᠡᠪᠲᠡᠷᠡᠯᠴᠡᠭᠡ ᠵᠥᠪᠳᠡᠯᠴᠡᠭᠡ ᠶᠢ ᠤᠯᠠᠮ ᠨᠢᠭᠡ ᠠᠯᠬᠤᠮ ᠴᠢᠩᠭᠠᠤᠡᠬᠠᠵᠤ᠂ ᠤᠯᠤᠰ ᠲᠥᠷᠥ ᠶᠢᠨ ᠵᠣᠭᠰᠣᠴᠠ ᠶᠢ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠠᠨᠠᠯ ᠳᠤᠷᠠᠳᠤᠯᠭ᠎ᠠ ᠶᠢ ᠰᠢᠢᠤᠡᠪᠤᠷᠢᠯᠡᠬᠦ ᠵᠥᠪᠳᠡᠯᠴᠡᠭᠡ ᠶᠢ ᠭᠦᠨᠵᠡᠭᠡᠶᠢᠷᠡᠭᠦᠯᠵᠦ᠂ ᠳᠠᠭᠠᠭᠠᠨ ᠠᠪᠴᠤ ᠰᠢᠢᠤᠡᠪᠤᠷᠢᠯᠡᠬᠦ ᠨᠢᠭᠡᠴᠢ ᠪᠣᠯᠤᠨ ᠭᠡᠰᠢᠭᠦᠳ ᠤᠨ ᠨᠡᠪᠲᠡᠷᠡᠯᠴᠡᠭᠡ ᠵᠥᠪᠳᠡᠯᠴᠡᠭᠡ ᠪᠠᠨ ᠴᠢᠩᠭᠠᠤᠡᠬᠠᠵᠤ᠂ ᠵᠥᠪᠯᠡᠯᠭᠡ ᠶᠢ ᠰᠠᠨᠠᠯ ᠵᠥᠪᠯᠡᠯᠭᠡ ᠶᠢᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠪᠠ︔ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠭᠤᠤᠯᠳᠠᠯᠭ᠎ᠠ ᠪᠠᠨ ᠲᠣᠪᠤᠶᠢᠯᠭᠠᠬᠤ᠂ ᠦᠨᠡᠨ ᠠᠴᠠ ᠵᠥᠪ ᠢ ᠡᠷᠢᠬᠦ᠂ ᠠᠵᠢᠯ ᠢᠶᠠᠨ ᠠᠬᠢᠭᠤᠯᠬᠤ᠂ ᠪᠣᠳᠠᠲᠤ ᠦᠷ᠎ᠡ ᠪᠦᠳᠤᠮᠵᠢ ᠶᠢ ᠴᠢᠬᠤᠯᠠᠴᠢᠯᠠᠬᠤ︾ ᠶᠡᠷᠦᠩᠬᠡᠶ ᠵᠠᠷᠴᠢᠮ ᠤᠨ ᠶᠣᠰᠣᠭᠠᠷ᠂ ᠶᠡᠭᠡ ᠶᠠᠪᠤᠳᠠᠯ ᠢ ᠠᠳᠬᠤᠵᠤ᠂ ᠭᠤᠤᠯᠳᠠᠯᠭ᠎ᠠ ᠶᠢ ᠵᠥᠪᠯᠡᠵᠡᠶ᠃ ᠵᠥᠪ ᠲᠠᠯ᠎ᠠ ᠠᠴᠠ ᠦᠨᠡᠯᠡᠨ ᠶᠠᠷᠢᠯᠴᠠᠬᠤ ᠶᠢ ᠪᠠᠷᠢᠮᠲᠠᠯᠠᠵᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠤᠨ ᠲᠤᠷᠰᠢᠯᠭ᠎ᠠ ᠶᠢ ᠬᠢᠨᠠᠮᠠᠭᠠᠶ ᠳ᠋ᠦᠩᠨᠡᠵᠦ᠂ ᠦᠨᠡᠯᠡᠭᠳᠡᠭᠰᠡᠨ ᠨᠢᠭᠡᠴᠡ ᠶᠢᠨ ᠰᠠᠨᠠᠯ ᠢ ᠳᠠᠷᠤᠤ ᠬᠢᠴᠢᠶᠡᠩᠭᠦᠶ ᠪᠠᠷ ᠰᠣᠨᠣᠰᠴᠤ᠂ ᠦᠨᠡᠯᠡᠯᠲᠡ ᠬᠢᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠭᠢᠯᠠᠰ ᠴᠡᠭ ᠢ ᠬᠦᠴᠦᠯᠡᠨ ᠴᠣᠭᠴᠠᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号