ᠹᠧᠩ ᠬᠤᠸᠠᠩ ᠯᠢᠩ ᠵᠡᠭᠡᠯᠢ ᠭᠤᠳᠤᠮᠵᠢ ᠳᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2020/11/12
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠲᠦᠮᠡᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃ ᠤᠢᠢᠷ᠎ᠠ ᠶᠢᠨ ᠡᠳᠦᠷ᠂ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠨᠠᠮ ᠤᠨ ᠭᠡᠰᠢᠭᠦᠨ ᠤᠯᠠᠨ ᠲᠦᠮᠡᠨ᠂ ᠠᠵᠢᠯᠲᠡᠨ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠬᠤᠷᠠᠯ᠂ ᠤᠯᠠᠨ ᠨᠡᠶᠢᠲᠡ ᠵᠢᠨ‌‍ᠲ᠋ᠠᠪᠴᠠᠩ᠂ ᠰᠠᠭᠤᠭᠠᠯᠢ ᠠᠷᠠᠳ ᠤᠨ ᠪᠢᠴᠢᠯ ᠵᠠᠬᠢᠳᠠᠯ ᠤᠨ ᠪᠦᠯᠦᠭ᠂ ᠴᠠᠭᠠᠰᠤᠨ ᠤ ᠬᠡᠪᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠠᠰᠢᠭᠯᠠᠨ  ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠪᠠ᠃
       ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠦᠭᠵᠢᠯᠲᠡ  ᠶᠢᠨ ᠣᠯᠤᠭᠰᠠᠨ ᠰᠢᠢᠤᠡᠪᠤᠷᠢᠳᠤ ᠴᠢᠨᠠᠷᠲᠠᠶ ᠠᠮᠵᠢᠯᠲᠠ ᠶᠢ ᠭᠦᠨᠵᠡᠭᠡᠶ ᠳ᠋ᠦᠩᠨᠡᠵᠡᠶ᠃ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠲᠣᠭᠤᠷᠢᠨ ᠳᠤ ᠲᠤᠯᠭᠠᠷᠠᠵᠤ ᠪᠠᠶᠢᠭ᠎ᠠ ᠭᠦᠨᠵᠡᠭᠡᠶ ᠪᠤᠳᠤᠯᠢᠶᠠᠨᠲᠠᠶ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠣᠨᠣᠪᠴᠢᠲᠠᠶ ᠵᠠᠳᠠᠯᠵᠠᠶ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ‍ᠤᠨ‌‍ᠬᠦ᠋ᠭᠵᠢᠯᠲᠡ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ 2035 ᠤᠨ ᠪᠣᠯᠬᠤ ᠳᠤ ᠨᠡᠶᠢᠭᠡᠮ ᠵᠢᠷᠤᠮ ᠤᠨ ᠤᠳᠤᠬᠢᠴᠢᠯᠠᠯᠲᠠ ᠶᠢᠨ ᠠᠯᠤᠰ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠶᠢ ᠵᠢᠷᠤᠭᠯᠠᠵᠠᠶ᠃
     ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠳᠤ ᠲᠤᠷᠠᠳᠤᠭᠰᠠᠨ ᠨᠢ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠨᠡᠶᠢᠭᠡᠮ ᠤᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠠᠪᠤᠳᠠᠯ ᠢᠶᠠᠷ ᠬᠥᠭᠵᠢᠯᠲᠡ ᠶᠢᠨ ᠡᠭᠦᠰᠦᠯᠲᠡ ᠪᠠ‌ᠦᠷ᠎ᠡ ᠳ᠋ᠦᠩ ᠪᠣᠯᠭᠠᠬᠤ ᠶᠢ ᠪᠠᠷᠢᠮᠲᠠᠯᠠᠨ᠎ᠠ᠃ ᠦᠨᠳᠦᠰᠦᠨ ᠱᠠᠲᠤᠨ ᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠨᠠᠶᠢᠳᠠᠪᠤᠷᠢᠵᠢᠭᠤᠯᠬᠤ ᠳᠤ ᠤᠭ ᠰᠠᠨᠠᠭ᠎ᠠ ᠪᠠᠨ ᠦᠯᠦ ᠮᠠᠷᠲᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠴᠢᠷᠮᠠᠶᠢᠨ ᠠᠵᠢᠯᠯᠠᠬᠤ ᠬᠡᠷᠡᠭᠲᠡᠢ᠃ ᠡᠨᠡ ᠵᠢᠯ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠨ᠎ᠠ᠂ ︽︿ᠲᠠᠪᠤ ᠶᠢ ᠬᠠᠮᠵᠢᠯᠴᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ﹀ ᠲᠤᠬᠠᠶ ᠵᠢᠯᠣᠭᠤᠳᠬᠤ ᠰᠠᠨᠠᠯ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠰᠠᠭᠤᠭᠠᠯᠢ ᠠᠷᠠᠳ ᠤᠨ ᠦᠨᠳᠦᠰᠦᠨ ᠱᠠᠲᠤᠨ ᠤ ᠬᠤᠲᠠ ᠶᠢᠨ ᠬᠡᠪᠴᠢᠶᠡᠨ ᠤ ᠵᠠᠰᠠᠯᠲᠠ ᠳᠤ ᠣᠷᠣᠯᠴᠠᠬᠤ ᠵᠠᠭᠪᠤᠷ ᠢ ᠲᠠᠰᠤᠷᠠᠯᠲᠠ ᠥᠬᠡᠶ ᠰᠦᠪᠡᠭᠴᠢᠯᠡᠵᠦ᠂ ᠬᠠᠶᠢᠨ ᠰᠦᠪᠡᠭᠴᠢᠯᠡᠯᠳᠡ ᠦᠢᠯᠡᠳᠦᠯᠭᠡ ᠪᠠᠷ ᠳᠠᠮᠵᠢᠭᠠᠳ᠂ ᠰᠠᠭᠤᠭᠠᠯᠢ ᠠᠷᠠᠳ ᠤᠨ ᠣᠷᠣᠯᠴᠠᠬᠤ ᠬᠡᠮᠵᠢᠶ᠎ᠡ ᠢᠯᠡᠳᠲᠡ ᠳᠡᠭᠡᠭᠰᠢᠯᠡᠪᠡ᠃      ᠳᠠᠷᠠᠭ᠎ᠠ ᠠᠯᠬᠤᠮ ᠤᠨ ᠵᠡᠭᠡᠯᠢ ᠭᠤᠳᠤᠮᠵᠢ ᠨᠢ ᠪᠥᠬᠦᠳᠡ ᠬᠤᠷᠠᠯ ᠠᠴᠠ ᠳᠤᠷᠠᠳᠤᠭᠰᠠᠨ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠠᠷᠭ᠎ᠠ ᠬᠡᠮᠵᠢᠶ᠎ᠡ ᠶᠣᠰᠣᠭᠠᠷ᠂ ᠪᠥᠬᠦᠳᠡ ᠬᠤᠷᠠᠯ ᠤᠨ ᠭᠤᠤᠯ ᠠᠭᠤᠯᠭ᠎ᠠ‌‍ᠶᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ ᠬᠡᠷᠡᠭᠲᠡᠶ᠃ ᠰᠢᠨ᠎ᠡ‌ᠠᠮᠵᠢᠯᠲᠠ ᠪᠦᠲᠦᠮᠵᠢ ᠶᠢ ᠣᠨᠣᠪᠴᠢᠲᠠᠶ ᠡᠵᠡᠮᠰᠢᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ︽ᠳᠥᠷᠪᠡᠨ ᠤᠬᠠᠮᠰᠠᠷ︾᠎ ᠢᠶᠠᠨ ᠤᠯᠠᠮ ᠨᠢᠭᠡ‌ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠡᠯ᠎ᠡ ᠵᠤᠶᠢᠯ ᠤᠨ ᠠᠵᠢᠯ ᠤᠶᠢᠯᠡᠰ ᠢ ᠲᠦᠯᠬᠢᠨ ᠤᠷᠤᠭᠰᠢᠯᠠᠭᠤᠯᠤᠨ᠎ᠠ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号