︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ | ᠲᠣᠬᠤᠢ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠲᠠᠰᠤᠷᠠᠯᠲᠠ ᠦᠭᠡᠢ ᠰᠢᠨ᠎ᠡ ᠪᠠᠷ ᠨᠡᠮᠡᠭᠳᠡᠭᠦᠯᠵᠦ᠂ | ᠨᠣᠭᠤᠭᠠᠷᠠᠭᠤᠯᠤᠯᠲᠠ ᠶᠢᠨ ᠨᠣᠷᠮ᠎ᠠ ᠪᠠ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠲᠣᠰ ᠲᠣᠰ 42.4% | ᠪᠠ 46% ᠬᠦᠷᠴᠡᠢ᠃ ᠬᠥᠮᠦᠨ ᠳᠤᠮᠳᠠᠴᠢ ᠶᠢᠨ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠢ 22.5 ᠲᠡᠭᠰᠢ | ᠳᠥᠷᠪᠡᠯᠵᠢᠨ ᠮᠧᠲᠷ ᠲᠤ ᠬᠦᠷᠴᠤ᠂ ᠪᠢᠴᠢᠯ ᠬᠡᠯᠪᠡᠷᠢ ᠶᠢᠨ ᠨᠣᠭᠤᠭᠠᠨ ᠬᠥᠷᠥᠰᠥ ᠶᠢᠨ ᠴᠡᠴᠡᠷᠯᠢᠭ ᠢ 3 ᠪᠠᠶᠢᠭᠤᠯᠵᠤ᠂ | ᠠᠮᠢ ᠠᠬᠤᠢ ᠶᠢᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠪᠠ᠃ | ᠲᠠᠪᠤᠨ ᠵᠢᠯ ᠤᠨ ᠲᠤᠷᠰᠢ᠂ ᠪᠦᠬᠦ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ | 3385 ᠮᠦ ᠳᠤ ᠬᠦᠷᠴᠦ᠂ 200 ᠲᠦᠮᠡᠨ ᠰᠠᠭᠤᠷᠢ ᠲᠤᠷᠤᠭ᠂ ᠪᠣᠳᠠ ᠮᠣᠳᠣ ᠲᠠᠷᠢᠵᠠᠢ᠃ ᠬᠠᠶᠢᠷᠤᠪ ᠤᠨ | ᠲᠣᠬᠤᠢ ᠶᠢᠨ ᠲᠣᠭᠤᠷᠢᠭ ᠨᠢ ᠵᠠᠯᠠᠭᠤᠴᠤᠳ ᠤᠨ ᠵᠠᠮ᠂ ᠳ᠋ᠦᠩ ᠬᠤᠸᠠᠨ ᠵᠠᠮ᠂ ᠴᠢᠩ ᠱᠠᠨ ᠵᠠᠮ᠂ ᠬᠠᠢ ᠮᠦᠸᠧ | ᠱᠤᠭᠤᠮ᠂ ᠵᠢᠶᠠᠨ ᠱᠧ ᠬᠤᠶᠢᠲᠤ ᠵᠠᠮ᠂ ᠲᠡᠷᠭᠡᠨ ᠥᠷᠲᠡᠭᠡ ᠵᠠᠮ᠂ ᠱᠤᠸᠠᠩ ᠶᠦᠩ ᠪᠠᠷᠠᠭᠤᠨ ᠵᠡᠭᠡᠯᠢ᠂ ᠴᠢᠩ | ᠴᠢᠤᠸᠠᠨ ᠵᠡᠭᠦᠨ ᠵᠡᠭᠡᠯᠢ᠂ ᠰᠢᠨ ᠬᠠᠢ ᠵᠡᠭᠦᠨ ᠵᠡᠭᠡᠯᠢ ᠵᠡᠷᠭᠡ ᠵᠡᠭᠡᠯᠢ ᠭᠤᠳᠤᠮᠵᠢ ᠶᠢ ᠨᠤᠭᠤᠭᠠᠷᠠᠭᠤᠯᠬᠤ ᠪᠦᠲᠦᠭᠡᠨ | ᠪᠠᠶᠢᠭᠤᠯᠤᠯᠲᠠ ᠬᠢᠵᠠᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠤᠶᠠᠷ ᠮᠥᠷ ᠵᠠᠮ ᠤᠨ | ᠮᠣᠳᠣ ᠲᠠᠷᠢᠵᠤ᠂ ᠲᠡᠷᠭᠡ ᠬᠤᠪᠢᠶᠠᠭᠰᠠᠨ ᠪᠦᠰᠡ ᠨᠢ ᠪᠤᠳᠤᠭᠲᠤ ᠮᠣᠳᠣᠨ ᠤ ᠲᠥᠷᠥᠯ ᠢ ᠣᠷᠣᠭᠤᠯᠤᠨ ᠠᠪᠴᠢᠷᠠᠵᠤ᠂ | ᠬᠤᠲᠠ ᠶᠢᠨ ᠴᠡᠴᠡᠷᠯᠢᠭ ᠤᠨ ᠥᠩᠭᠡ ᠪᠤᠳᠤᠭ ᠢ ᠨᠡᠮᠡᠭᠳᠡᠭᠦᠯᠦᠨ᠎ᠡ︔ ᠬᠠᠶᠢᠳᠠ ᠵᠡᠭᠡᠯᠢ ᠶᠢᠨ ᠡᠮᠦᠨ᠎ᠡ ᠲᠠᠯ᠎ᠠ ᠶᠢᠨ | ᠵᠤᠭᠠᠴᠠᠯ ᠤᠨ ᠬᠦᠷᠢᠶᠡᠯᠡᠩ᠂ ᠰᠢᠩ ᠹᠦ᠋ ᠬᠤᠶᠢᠲᠤ ᠪᠠᠭ᠎ᠠ ᠲᠤᠭᠤᠷᠢᠭ ᠂ ᠳᠣᠲᠣᠭᠠᠳᠤ ᠳᠥᠷᠪᠡᠨ ᠪᠦᠲᠦᠭᠡᠨ | ᠪᠠᠶᠢᠭᠤᠯᠤᠯᠲᠠ ᠶᠢᠨ ᠨᠣᠭᠤᠭᠠᠨ ᠬᠥᠷᠥᠰᠥ ᠶᠢ ᠥᠭᠡᠷᠡᠴᠢᠯᠡᠨ ᠰᠠᠶᠢᠵᠢᠷᠠᠭᠤᠯᠵᠤ᠂ 3.2 ᠲᠦᠮᠡᠨ ᠲᠡᠭᠰᠢ | ᠳᠥᠷᠪᠡᠯᠵᠢᠨ ᠮᠧᠲᠷ ᠤᠨ ᠲᠠᠯᠠᠪᠠᠢ ᠶᠢ ᠥᠭᠡᠷᠡᠴᠢᠯᠡᠨ ᠪᠠᠶᠢᠭᠤᠯᠵᠤ᠂ ᠨᠣᠭᠤᠭᠠᠨ ᠬᠥᠷᠥᠰᠥᠨ ᠳᠤ ᠰᠡᠯᠡᠭᠦᠴᠡᠯ ᠤᠨ | ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠱᠤᠭᠤᠮᠠᠯ᠂ ᠱᠤᠭ ᠵᠦᠴᠦᠭᠡ ᠲᠠᠯᠪᠢᠵᠤ᠂ ᠰᠠᠨᠳᠠᠯᠢ᠂ ᠬᠤᠭ ᠨᠣᠪᠰᠢ ᠶᠢᠨ | ᠰᠠᠪᠠ ᠵᠡᠷᠭᠡ ᠣᠯᠠᠨ ᠨᠡᠶᠢᠲᠡ ᠶᠢᠨ ᠤᠶᠢᠯᠡᠴᠢᠯᠡᠭᠡᠨ ᠤ ᠲᠥᠬᠦᠭᠡᠷᠦᠮᠵᠢ ᠤᠭᠰᠠᠷᠠᠵᠤ᠂ ᠬᠤᠲᠠ ᠶᠢᠨ ᠠᠷᠠᠳ ᠲᠤ | ᠰᠡᠯᠡᠭᠦᠴᠡᠯ ᠤᠨ ᠨᠣᠭᠤᠭᠠᠨ ᠦᠩᠭᠡ ᠲᠠᠢ ᠴᠡᠴᠡᠷᠯᠢᠭ ᠤᠨ ᠣᠷᠴᠢᠨ ᠲᠣᠭᠤᠷᠢᠨ ᠢ ᠬᠠᠩᠭᠠᠨ᠎ᠠ︔ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠪᠠᠷᠠᠭᠤᠨ ᠰᠤᠷᠭᠠᠭᠤᠯᠢ ᠶᠢᠨ ᠲᠣᠭᠤᠷᠢᠭ᠂ᠢ ᠯᠢᠨ ᠪᠠᠭ᠎ᠠ ᠰᠤᠷᠭᠠᠭᠤᠯᠢ᠂ ᠭᠤᠷᠪᠠᠳᠤᠭᠠᠷ | ᠪᠥᠬᠦᠳᠡ ᠬᠤᠷᠠᠯ᠂ ᠪᠦᠯᠬᠦᠮᠳᠡᠯ ᠪᠠᠭ᠎ᠠ ᠰᠤᠷᠭᠠᠭᠤᠯᠢ᠂ ᠬᠢᠲᠠᠳ ᠡᠮᠨᠡᠯᠭᠡ ᠶᠢᠨ ᠬᠤᠷᠢᠶ᠎ᠠ᠂ ᠰᠢᠩ ᠹᠦ᠋ ᠪᠠᠭ᠎ᠠ | ᠲᠣᠭᠤᠷᠢᠭ ᠢ ᠨᠣᠭᠤᠭᠠᠷᠠᠭᠤᠯᠵᠤ ᠭᠤᠶᠣᠯᠠᠬᠤ ᠪᠠᠶᠢᠭᠤᠯᠤᠯᠲᠠ ᠬᠢᠵᠡᠶ᠃ ᠲᠤᠷᠤᠭ ᠪᠤᠲᠠ ᠮᠣᠳᠣ ᠲᠠᠷᠢᠬᠤ ᠪᠠᠷ ᠭᠤᠣᠯ | ᠪᠣᠯᠭᠠᠵᠤ᠂ ᠨᠣᠭᠤᠭᠠᠨ ᠬᠡᠮᠵᠢᠶ᠎ᠡ ᠶᠢ ᠨᠡᠮᠡᠭᠳᠡᠭᠦᠯᠵᠦ᠂ ᠨᠣᠭᠤᠭᠠᠷᠠᠭᠤᠯᠤᠯᠲᠠ ᠦᠵᠡᠮᠵᠢ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠰᠠᠭᠤᠭᠠᠯᠢ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ | ᠳᠡᠭᠡᠭᠰᠢᠯᠡᠭᠦᠯᠦᠨ᠂ ᠨᠣᠭᠤᠭᠠᠷᠠᠭᠤᠯᠤᠯᠲᠠ ᠶᠢᠨ ᠲᠠᠯᠠᠪᠠᠶ ᠶᠢ 4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠤᠯᠵᠠᠢ᠃ | | ᠬᠤᠲᠠ ᠶᠢᠨ ᠠᠷᠠᠳ ᠲᠤ ᠨᠠᠩ ᠰᠠᠶᠢᠨ ᠴᠡᠴᠡᠷᠯᠢᠭ ᠢᠶᠠᠷ ᠵᠤᠭᠠᠴᠠᠬᠤ ᠣᠷᠴᠢᠨ ᠲᠣᠭᠤᠷᠢᠨ ᠢ ᠬᠠᠩᠭᠠᠵᠤ᠂ | ᠬᠠᠶᠢᠷᠤᠪ ᠤᠨ ᠲᠣᠬᠤᠢ ᠲᠣᠭᠤᠷᠢᠭ ᠨᠢ ᠠᠷᠠᠳ ᠤᠨ ᠴᠡᠴᠡᠷᠯᠢᠭ ᠲᠠᠬᠢ ᠭᠡᠷᠡᠯᠲᠦᠭᠦᠯᠭᠡ᠂ ᠬᠢᠨᠠᠨ ᠡᠵᠡᠮᠳᠡᠯ ᠳᠤ ᠰᠡᠯᠪᠢᠨ | ᠵᠠᠰᠠᠯᠲᠠ ᠬᠢᠵᠦ᠂ ᠬᠤᠩᠭᠢᠯ᠂ ᠲᠠᠶᠢᠰᠠ᠂ ᠲᠢᠩᠰᠡ᠂ ᠲᠠᠭᠲᠤ ᠶᠢᠨ ᠵᠡᠷᠭᠡ ᠮᠣᠳᠣᠯᠢᠭ ᠦᠵᠡᠮᠵᠢ ᠶᠢ ᠪᠤᠳᠤᠭᠯᠠᠨ | ᠰᠢᠷᠲᠡᠯ᠎ᠡ᠃ ᠰᠠᠭᠤᠳᠠᠯ ᠰᠠᠨᠳᠠᠯᠢ᠂ ᠬᠤᠭ ᠨᠣᠪᠰᠢ ᠶᠢᠨ ᠬᠠᠶᠢᠷᠴᠠᠭ᠂ ᠵᠡᠮᠳᠡᠭᠴᠦᠳ ᠤᠨ ᠺᠠᠷᠲ ᠬᠡᠷᠡᠭᠯᠡᠬᠦ ᠵᠠᠮ ᠢ | ᠨᠡᠮᠡᠵᠦ ᠲᠠᠯᠪᠢᠵᠤ᠂ ᠡᠭᠦᠨ ᠤ ᠬᠠᠮᠲᠤ ᠴᠡᠴᠡᠷᠯᠢᠭ ᠤᠨ ᠳᠣᠲᠣᠷᠠᠬᠢ ᠭᠤᠤᠯ ᠴᠠᠭᠠᠷᠢᠭ ᠵᠠᠮ ᠳᠤ ᠥᠩᠭᠡᠲᠦ ᠪᠠᠷᠤᠭᠰᠢᠨ | ᠳᠡᠪᠢᠰᠬᠦ᠂ ᠮᠦ ᠳ᠋ᠠᠨ ᠲᠢᠩ ᠵᠢᠴᠢ ᠡᠷᠭᠢᠨ ᠲᠣᠭᠤᠷᠢᠨ ᠤ ᠵᠠᠮᠴᠢᠯᠠᠭᠴᠢ ᠵᠠᠮ ᠳᠡᠪᠢᠰᠴᠦ᠂ ᠳᠡᠪᠢᠰᠦᠭᠰᠡᠨ ᠲᠠᠯᠠᠪᠠᠶ ᠨᠢ | 13821.5 ᠲᠡᠭᠰᠢ ᠳᠥᠷᠪᠡᠯᠵᠢᠨ ᠮᠧᠲᠷ ᠪᠣᠯᠤᠨ᠎ᠠ᠃ | ᠠᠭᠤᠷᠬᠠᠢ ᠶᠢᠨ ᠣᠷᠣᠨ ᠤ ᠨᠣᠭᠤᠭᠠᠷᠠᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ | ᠬᠠᠶᠢᠷᠤᠪ ᠤᠨ ᠲᠣᠬᠤᠢ ᠲᠤᠭᠤᠷᠢᠭ ᠲᠤ ᠪᠠᠰᠠ ᠵᠡᠭᠦᠨ ᠬᠡᠰᠡᠭ ᠤᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ | ᠤᠰᠤ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠤᠰᠤ ᠬᠠᠩᠭᠠᠬᠤ ᠬᠤᠭᠤᠯᠠᠢ ᠶᠢᠨ ᠲᠣᠣᠷ ᠢ 1.8 ᠲᠦᠮᠡᠨ ᠮᠧᠲᠷ ᠳᠡᠪᠢᠰᠪᠡ᠃ ᠪᠠᠷᠢᠯᠭ᠎ᠠ ᠳᠠᠭᠤᠰᠤᠭᠰᠠᠨ ᠤ | ᠳᠠᠷᠠᠭ᠎ᠠ ᠣᠳᠣᠬᠠᠨ ᠤ ᠠᠭᠤᠷᠬᠠᠶ ᠪᠣᠯᠤᠨ ᠤᠰᠤᠨ ᠠᠰᠢᠭᠯᠠᠯᠲᠠ ᠶᠢᠨ ᠨᠥᠬᠦᠴᠡᠯ ᠢ ᠪᠦᠷᠢᠯᠳᠦᠭᠦᠯᠦᠭᠡᠳᠦᠶ ᠬᠡᠰᠡᠭ | ᠣᠷᠣᠨ ᠪᠦᠰᠡ ᠳᠤ ᠣᠶᠢᠵᠢᠭᠤᠯᠵᠤ ᠮᠣᠳᠣ ᠲᠠᠷᠢᠬᠤ ᠳᠤ ᠤᠰᠤ ᠬᠠᠩᠭᠠᠬᠤ ᠠᠰᠠᠭᠤᠳᠠᠯ ᠢ ᠰᠢᠢᠤᠡᠪᠤᠷᠢᠯᠡᠵᠤ ᠪᠣᠯᠤᠨ᠎ᠠ᠃ | ᠣᠳᠣ ᠪᠣᠯᠲᠠᠯ᠎ᠠ ᠬᠤᠭᠤᠯᠠᠶ ᠤᠲᠠᠰᠤ ᠶᠢ ᠨᠢᠭᠡᠨᠲᠡ ᠳᠡᠪᠢᠰᠴᠦ ᠳᠠᠭᠤᠰᠴᠤ᠂ ᠡᠮᠦᠨᠡᠲᠦ ᠤᠮᠠᠷᠠᠲᠤ ᠶᠢᠨ | ᠬᠥᠭᠡᠷᠭᠡ ᠶᠢᠨ ᠭᠡᠷ ᠤᠨ ᠭᠤᠤᠯ ᠴᠣᠭᠴᠠ ᠶᠢᠨ ᠪᠠᠶᠢᠭᠤᠯᠤᠯᠲᠠ᠂ ᠲᠥᠬᠦᠭᠡᠷᠦᠮᠵᠢ ᠤᠭᠰᠠᠷᠠᠵᠤ ᠳᠠᠭᠤᠰᠤᠭᠰᠠᠨ | ᠪᠠᠶᠢᠨ᠎ᠠ᠃ | ᠬᠤᠲᠠ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠶᠢᠨ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ | ᠪᠠ ︽ᠵᠣᠷᠯᠣᠩ ᠤᠨ ᠬᠤᠪᠢᠰᠬᠠᠯ︾ ᠤᠨ ᠢᠨᠵᠡᠸ᠋ᠨᠢᠷᠡᠭ ᠢ ᠬᠡᠷᠡᠭᠵᠢᠭᠦᠯᠵᠦ᠂ ᠵᠡᠭᠡᠯᠢ ᠭᠤᠳᠤᠮᠵᠢ᠂ ᠪᠠᠶᠢᠰᠢᠩ ᠪᠠᠷᠢᠬᠤ | ᠲᠣᠭᠤᠷᠢᠭ᠂ ᠣᠷᠣᠨ ᠰᠠᠭᠤᠴᠠ ᠶᠢᠨ ᠪᠠᠭ᠎ᠠ ᠲᠤᠭᠤᠷᠢᠭ ᠲᠤ 5800 ᠰᠠᠪᠠ ᠶᠢ ᠰᠢᠨ᠎ᠡ ᠪᠠᠷ ᠨᠡᠮᠡᠭᠳᠡᠭᠦᠯᠬᠦ ᠵᠢᠴᠢ | ᠰᠣᠯᠢᠵᠤ ᠲᠥᠷᠥᠯ ᠬᠤᠪᠢᠶᠠᠨ ᠴᠤᠭᠯᠠᠭᠤᠯᠵᠠᠢ᠃ ᠲᠥᠷᠥᠯ ᠬᠤᠪᠢᠶᠠᠭᠰᠠᠨ ᠬᠤᠭ ᠨᠣᠪᠰᠢ ᠳᠠᠮᠵᠢᠭᠤᠯᠬᠤ ᠭᠡᠷ 42 | ᠲᠣᠬᠢᠷᠠᠭᠤᠯᠵᠤ᠂ ᠬᠤᠭ ᠨᠣᠪᠰᠢ ᠳᠠᠮᠵᠢᠭᠤᠯᠬᠤ ᠬᠠᠶᠢᠷᠴᠠᠭ 60᠂ ᠡᠯ᠎ᠡ ᠲᠥᠷᠥᠯ ᠤᠨ ᠬᠤᠭ ᠨᠣᠪᠰᠢ ᠴᠤᠭᠯᠠᠭᠤᠯᠬᠤ | ᠲᠥᠬᠦᠭᠡᠷᠦᠮᠵᠢ 3383︔ 76 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ | ᠬᠤᠳᠠᠯᠳᠤᠨ ᠠᠪᠬᠤ 22 ᠵᠣᠷᠯᠣᠩ ᠢ ᠶᠠᠭ ᠪᠠᠶᠢᠭᠤᠯᠵᠤ ᠪᠣᠶ︔ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ | ᠨᠢᠭᠡᠨᠲᠡ 125 ᠬᠤᠭ ᠨᠣᠪᠰᠢ ᠶᠢ ᠲᠥᠷᠥᠯ ᠬᠤᠪᠢᠶᠠᠬᠤ ︵ᠨᠡᠶᠢᠲᠡ 145︶ ᠶᠢ ᠪᠡᠶᠡᠯᠡᠭᠦᠯᠵᠦ᠂ ᠨᠡᠶᠢᠲᠡ 401 | ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠭᠤᠯᠭᠠᠲ᠋ᠠᠯᠪᠢᠵᠤ᠂ 86% ᠶᠢ ᠪᠡᠶᠡᠯᠡᠭᠦᠯᠪᠡ᠃ | ᠪᠠᠶᠢᠰᠢᠩ ᠭᠡᠷ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ | ᠲᠥᠯᠥᠭᠡ᠂ ᠰᠠᠭᠤᠭᠠᠯᠢ ᠠᠷᠠᠳ ᠤᠨ ᠤᠶᠢᠯᠡᠤᠡᠪᠤᠷᠢᠯᠡᠯ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠬᠠᠶᠢᠷᠤᠪ ᠤᠨ ᠲᠤᠬᠤᠢ ᠲᠤᠭᠤᠷᠢᠭ ᠨᠢ ᠭᠡᠷ ᠳᠣᠲᠣᠷᠠᠬᠢ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ | ᠰᠢᠲᠠᠮᠠᠬᠠᠶ ᠬᠡᠢ ᠶᠢᠨ ᠬᠤᠭᠤᠯᠠᠶ ᠵᠢᠴᠢ ᠪᠤᠰᠤᠳ ᠳᠠᠭᠠᠯᠲᠠ ᠪᠡᠯᠡᠳᠬᠡᠮᠵᠢ ᠳᠤ ᠰᠢᠨ᠎ᠡ ᠪᠠᠷ ᠨᠡᠮᠡᠭᠳᠡᠭᠦᠯᠬᠦ ᠪᠠ | ᠥᠭᠡᠷᠡᠴᠢᠯᠡᠯᠲᠡ ᠬᠢᠨ᠎ᠡ᠃ ᠪᠠᠰᠠ ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨᠪᠠᠶᠢᠨᠠ᠃ | ᠵᠠᠮ ᠨᠢ ᠬᠤᠲᠠ ᠶᠢᠨ ︽ᠴᠢᠰᠤᠨ ᠰᠤᠳᠠᠯ︾ ᠲᠠᠢ ᠠᠳᠠᠯᠢ᠂ ᠴᠢᠰᠤᠨ ᠰᠤᠳᠠᠯ ᠰᠠᠭᠠᠳ ᠦᠭᠡᠢ ᠨᠡᠪᠲᠡᠷᠡᠪᠡᠯ | ᠪᠦᠬᠦ᠋ᠢᠯᠡ ᠬᠤᠳᠠ ᠰᠠᠶ᠋ᠢ ᠠᠮᠢᠵᠢᠷᠠᠯ ᠤᠨ ᠬᠦᠴᠦᠨ ᠪᠢᠯᠬᠠᠮ᠎ᠠ ᠪᠠᠶᠢᠵᠤ ᠴᠢᠳᠠᠨ᠎ᠠ᠃ |