ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ
ᠨᠡᠶᠢᠲᠡᠯᠡᠭᠰᠡᠨ ᠴᠠᠭ᠄
2020/11/13
     11 ᠰᠠᠷ᠎ᠠ ᠶᠢᠨ 11᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠧᠩ ᠿᠧᠨ ᠹᠸᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ ᠳᠠᠭᠠᠭᠤᠯᠤᠨ ᠮᠠᠨ ᠤ ᠬᠤᠲᠠ ᠳᠤ ᠬᠠᠭᠤᠴᠢᠨ ᠰᠠᠭᠤᠭᠠᠯᠢ ᠲᠣᠭᠤᠷᠢᠭ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ᠂ ᠳᠡᠳ᠋ ᠬᠤᠲᠠ ᠶᠢᠨ ᠳᠠᠷᠤᠭ᠎ᠠ ᠯᠢᠶᠠᠩ ᠱᠤ᠋ ᠫᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠹᠧᠩ ᠿᠧᠨ ᠹᠧᠶ ᠨᠡᠷ ᠤᠷᠢᠳ ᠬᠤᠵᠢᠳ ᠬᠠᠶᠢᠷᠣᠪ ᠤᠨ ᠲᠤᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠵᠢᠵᠢᠭ ᠲᠣᠭᠤᠷᠢᠭ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠣᠵᠢᠯ ᠤᠨ ᠦᠢᠯᠡᠴᠢᠯᠡᠭᠡᠨ ᠤ ᠥᠷᠲᠡᠭᠡᠨ ᠳᠤ ᠬᠦᠷᠴᠦ᠂ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠨ ᠲᠠᠨᠢᠯᠴᠠᠭᠤᠯᠭ᠎ᠠ ᠶᠢ ᠰᠣᠨᠣᠰᠴᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠵᠢᠷᠤᠭ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ᠂ ᠬᠠᠮᠢᠶ᠎ᠠ ᠪᠥᠬᠦᠢ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠵᠤ᠂ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠭᠤᠤᠯ ᠠᠭᠤᠯᠭ᠎ᠠ᠂ ᠠᠵᠢᠯ ᠤᠨ ᠠᠬᠢᠴᠠ᠂ ᠵᠠᠯᠭᠠᠮᠵᠢ ᠬᠠᠮᠢᠶᠠᠷᠤᠯᠲᠠ ᠵᠢᠴᠢ ᠨᠡᠶᠢᠭᠡᠮ ᠲᠣᠭᠤᠷᠢᠭ ᠤᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠠᠷᠠᠳ ᠣᠯᠠᠨ ᠤ ᠣᠷᠣᠨ ᠰᠠᠭᠤᠴᠠ ᠶᠢᠨ ᠨᠦᠬᠦᠴᠡᠯ ᠢᠶᠠᠨ ᠰᠠᠶᠢᠵᠢᠷᠠᠭᠤᠯᠬᠤ ᠲᠤᠯᠭᠠᠮ᠎ᠠ ᠬᠦᠰᠡᠯ ᠡᠷᠡᠮᠡᠯᠵᠡᠯ ᠪᠣᠯᠤᠨ᠎ᠠ᠂ ᠮᠥᠨᠴᠦ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠠᠭᠤᠭᠠᠯᠢ ᠲᠣᠭᠤᠷᠢᠭ ᠤᠨ ᠪᠣᠳᠠᠲᠤ ᠪᠠᠶᠢᠳᠠᠯ ᠲᠠᠢ ᠨᠢ ᠤᠶᠠᠯᠳᠤᠭᠤᠯᠤᠨ᠂ ᠰᠠᠭᠤᠷᠢ ᠲᠥᠷᠥᠯ᠂ ᠲᠡᠭᠦᠯᠳᠡᠷᠵᠢᠭᠦᠯᠬᠦ ᠲᠥᠷᠥᠯ᠂ ᠳᠡᠭᠡᠭᠰᠢᠯᠡᠭᠦᠯᠬᠦ ᠲᠥᠷᠥᠯ ᠢᠶᠠᠷ ᠲᠥᠷᠥᠯ ᠬᠤᠪᠢᠶᠠᠨ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠬᠡᠷᠡᠭᠳᠡᠢ᠃ ᠰᠢᠰᠲ᠋ᠧᠮ ᠲᠠᠢ ᠲᠥᠯᠥᠪᠵᠢᠭᠦᠯᠬᠦ ᠪᠠᠨ ᠰᠠᠶᠢᠲᠤᠷ ᠬᠢᠵᠦ᠂ ᠪᠠᠷᠢᠯᠭ᠎ᠠ ᠶᠢᠨ ᠬᠤᠭᠤᠴᠠᠭ᠎ᠠ ᠪᠠᠨ ᠵᠦᠶ ᠵᠣᠬᠢᠰᠲᠠᠶ ᠲᠤᠬᠢᠷᠠᠭᠤᠯᠵᠤ᠂ ᠬᠠᠮᠢᠶᠠᠷᠤᠯᠲᠠ ᠪᠠᠨ ᠵᠢᠷᠤᠮᠵᠢᠭᠤᠯᠤᠨ᠂ ᠪᠠᠷᠢᠯᠭ᠎ᠠ ᠶᠢᠨ ᠠᠵᠢᠯ ᠢᠶᠠᠨ ᠨᠠᠷᠢᠯᠢᠭᠵᠢᠭᠤᠯᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠦᠵᠡᠬᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠳᠡᠢ᠃ ᠠᠷᠭ᠎ᠠ ᠪᠠᠷᠢᠯ ᠪᠠ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠵᠠᠭᠪᠤᠷ ᠢᠶᠠᠨ ᠠᠯᠬᠤᠮ ᠠᠯᠬᠤᠮ ᠢᠶᠠᠷ ᠳᠡᠯᠭᠡᠷᠡᠭᠦᠯᠵᠦ᠂ ᠬᠠᠭᠤᠴᠢᠨ ᠰᠠᠭᠤᠭᠠᠯᠢ ᠲᠣᠭᠤᠷᠢᠭ ᠢ ᠰᠠᠶᠢᠲᠤᠷ ᠥᠭᠡᠷᠡᠴᠢᠯᠡᠵᠦ᠂ ᠨᠠᠩ ᠴᠤ ᠡᠯ᠎ᠡ ᠲᠥᠷᠥᠯ ᠤᠨ ᠬᠤᠭᠤᠯᠠᠶ ᠲᠣᠤᠷ ᠱᠤᠭᠤᠮ ᠵᠢᠴᠢ ᠠᠳᠠᠯ ᠠᠬᠤᠶ ᠶᠢᠨ ᠦᠢᠯᠡᠴᠢᠯᠡᠭᠡ ᠵᠡᠷᠭᠡ ᠵᠠᠯᠭᠠᠮᠵᠢ ᠬᠠᠮᠢᠶᠠᠷᠣᠯᠳᠠ ᠶᠢᠨ ᠠᠵᠢᠯ ᠢᠶᠠᠨ ᠰᠠᠶᠢᠲᠤᠷ ᠠᠳᠬᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠰᠠᠭᠤᠭᠠᠯᠢ ᠡᠷᠦᠬᠡ ᠶᠢᠨ ᠰᠠᠶᠢᠰᠢᠶᠠᠯ ᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ      ᠬᠠᠶᠢᠷᠤᠪ ᠤᠨ ᠲᠣᠬᠤᠢ ᠲᠣᠭᠤᠷᠢᠭ ᠤᠨ ᠰᠢᠨ ᠴᠢᠶᠣᠤ ᠶᠢᠨ ᠡᠮᠤᠨᠡᠭᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ᠂ ᠹᠧᠩ ᠿᠧᠨ ᠹᠸᠢ ᠲᠥᠷᠥᠯ ᠵᠦᠢᠯ ᠤᠨ ᠲᠥᠯᠥᠪᠵᠢᠭᠦᠯᠪᠡ ᠶᠢᠨ ᠵᠢᠷᠤᠭ ᠲᠥᠯᠥᠪᠯᠡᠭᠡ᠂ ᠢᠨᠵᠧᠨᠧᠷᠢᠩ ᠤᠨ ᠠᠬᠢᠴᠠ ᠵᠢᠴᠢ ᠵᠢᠵᠢᠭ ᠲᠣᠭᠤᠷᠢᠭ ᠤᠨ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠤᠳᠠᠯ ᠦᠭᠡᠢ ᠬᠡᠷᠡᠭᠯᠡᠭᠦᠯᠬᠦ ᠪᠠᠷ ᠪᠠᠶᠢᠭ᠎ᠠ ᠲᠥᠪᠬᠢᠨᠡᠭᠦᠯᠬᠦ ᠭᠡᠷ ᠲᠤ ᠣᠷᠣᠵᠤ᠂ ᠣᠷᠣᠨ ᠰᠠᠭᠤᠴᠠ ᠶᠢᠨ ᠬᠡᠯᠪᠡᠷᠢ ᠮᠠᠶ᠋ᠢᠭ᠂ ᠲᠠᠯᠠᠪᠠᠶ ᠵᠡᠷᠭᠡ ᠵᠢᠷᠤᠭ ᠲᠥᠯᠥᠪᠯᠡᠭᠡ ᠶᠢᠨ ᠨᠠᠷᠢᠨ ᠵᠦᠢᠯᠡᠰ ᠢ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠪᠣᠳᠠᠲᠠᠶ ᠰᠠᠨᠠᠭᠤᠯᠭ᠎ᠠ ᠲᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠦᠬᠠᠶ ᠬᠤᠲᠠ ᠤᠯᠤᠰ ᠤᠨ ᠮᠥᠩᠭᠦᠨ ᠭᠦᠢᠯᠭᠡᠭᠡᠴᠢᠯᠡᠭᠰᠡᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠰᠠᠶᠢᠲᠤᠷ ᠠᠰᠢᠭᠯᠠᠵᠤ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠬᠦᠨ ᠪᠠᠶᠢᠯᠳᠣᠵᠣ᠂ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ︽ᠰᠡᠭᠦᠯ ᠬᠤᠷᠢᠶᠠᠬᠤ︾ ᠠᠵᠢᠯ ᠢᠶᠠᠨ ᠨᠢᠭᠡ ᠯᠡ ᠠᠮᠢᠰᠬᠤᠭ᠎ᠠ ᠪᠠᠷ ᠰᠠᠶᠢᠲᠤᠷ ᠠᠳᠬᠤᠵᠤ᠂ ᠡᠨᠡ ᠵᠢᠯ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠯ᠎ᠡ ᠵᠦᠢᠯ ᠤᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ᠃ ᠤᠯᠤᠰ ᠤᠨ ᠲᠥᠷᠥ ᠶᠢᠨ ᠪᠣᠳᠣᠯᠭ᠎ᠠ ᠶᠢᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠰᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠡᠨᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠠᠮᠢᠳᠤᠯᠢᠭ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠢᠳᠡᠪᠬᠢᠲᠡᠢ ᠰᠦᠪᠡᠭᠴᠢᠯᠡᠵᠦ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠵᠠᠭᠪᠤᠷ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠠᠵᠢᠯ ᠢ ᠦᠨᠡᠨᠬᠦ ᠨᠠᠷᠢᠯᠢᠭ ᠪᠥᠭᠡᠳ ᠭᠦᠨᠵᠡᠭᠡᠶ ᠰᠦᠪᠡᠭᠴᠢᠯᠡᠬᠦ ᠬᠡᠷᠡᠭᠳᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠭᠡᠷ ᠤᠨ ᠬᠡᠯᠪᠡᠷᠢ ᠶᠢ ᠵᠢᠷᠤᠵᠤ ᠲᠥᠯᠥᠪᠯᠡᠬᠦ ᠲᠠᠯ᠎ᠠ ᠪᠠᠷ᠂ ᠭᠠᠳᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠯᠠᠵᠤ᠂ ᠭᠡᠷ ᠤᠨ ᠳᠣᠲᠣᠷ᠎ᠠ ᠭᠠᠳᠠᠨᠠᠬᠢ ᠣᠷᠣᠨ ᠵᠠᠶ ᠶᠢᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠣᠯᠠᠨ ᠤ ᠬᠦᠷᠲᠡᠭᠡᠯ ᠤᠨ ᠲᠥᠷᠥᠭᠳᠡᠯ ᠪᠣᠯᠤᠨ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨᠬᠦ ᠨᠡᠮᠡᠭᠳᠡᠬᠦᠯᠬᠦ ᠬᠡᠷᠡᠭᠳᠡᠢ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号