ᠪᠥᠬᠦ ᠬᠤᠲᠠ ᠶᠢᠨ ᠤᠳᠤᠷᠢᠳᠬᠤ ᠺᠠᠳ᠋ᠷᠴᠣᠳ ᠤᠨ ︽ᠢᠷᠭᠡᠨ ᠤ ᠬᠠᠤᠯᠢ ᠶᠢᠨ ᠪᠢᠴᠢᠭ︾᠎ ᠤᠨ ᠲᠤᠰᠬᠠᠶ ᠰᠡᠳᠦᠪᠲᠦ ᠰᠣᠷᠣᠯᠴᠠᠯᠭ᠎ᠠ ᠶᠢᠨ ᠲᠠᠶᠢᠯᠤᠮᠵᠢ ᠶᠠᠪᠤᠭᠳᠠᠪᠠ
ᠨᠡᠶᠢᠲᠡᠯᠡᠭᠰᠡᠨ ᠴᠠᠭ᠄
2020/11/13
     11 ᠰᠠᠷ᠎ᠠ ᠶᠢᠨ 12᠎ ᠤᠨ ᠡᠳᠦᠷ᠂ ᠪᠥᠬᠦ ᠬᠤᠲᠠ ᠶᠢᠨ ᠤᠳᠤᠷᠢᠳᠬᠤ ᠺᠠᠳ᠋ᠷᠴᠣᠳ ᠤᠨ ︽ᠢᠷᠭᠡᠨ ᠤ ᠬᠠᠤᠯᠢ ᠶᠢᠨ ᠪᠢᠴᠢᠭ︾᠎ ᠤᠨ ᠲᠤᠰᠬᠠᠶ ᠰᠡᠳᠦᠪᠲᠦ ᠰᠣᠷᠣᠯᠴᠠᠯᠭ᠎ᠠ ᠶᠢᠨ ᠲᠠᠶᠢᠯᠤᠮᠵᠢ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠿᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠲᠠᠶᠢᠯᠤᠮᠵᠢ ᠶᠢ ᠰᠣᠨᠣᠰᠪᠠ᠃       ᠲᠤᠰ ᠤᠳᠠᠭᠠᠨ ᠤ ᠲᠠᠶᠢᠯᠤᠮᠵᠢ ᠨᠢ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢ ᠶᠦᠩ ᠵᠢᠶᠦ᠋ᠨ ᠢ ᠤᠷᠢᠵᠤ ︽ᠢᠷᠭᠡᠨ ᠤ ᠬᠠᠤᠯᠢ ᠶᠢᠨ ᠪᠢᠴᠢᠭ ᠤᠨ ᠴᠠᠭ ᠦᠶ᠎ᠡ ᠶᠢᠨ ᠣᠨᠴᠠᠯᠢᠭ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠬᠡᠵᠦ᠂ ᠲᠠᠶᠢᠯᠤᠮᠵᠢ ᠶᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠬᠡᠯᠪᠡᠷᠢ ᠪᠠᠷ ᠶᠠᠪᠤᠭᠳᠠᠭᠤᠯᠪᠡ᠃ ᠯᠢ ᠶᠦᠩ ᠵᠢᠶᠦ᠋ᠨ ᠫᠷᠤᠹᠧᠰᠰᠤᠷ ᠲᠠᠶᠢᠯᠤᠮᠵᠢ ᠳᠠᠭᠠᠨ ᠣᠨᠣᠯ ᠢ ᠪᠣᠳᠠᠲᠠᠶ ᠲᠠᠢ ᠤᠶᠠᠯᠳᠤᠭᠤᠯᠵᠤ᠂ ︽ᠢᠷᠭᠡᠨ ᠤ ᠬᠠᠤᠯᠢ ᠶᠢᠨ ᠪᠢᠴᠢᠭ︾᠎ ᠤᠨ ᠴᠠᠭ ᠦᠶ᠎ᠡ ᠶᠢᠨ ᠣᠨᠴᠠᠯᠢᠭ᠂ ᠲᠡᠤᠬᠡ ᠶᠢᠨ ᠡᠷᠭᠢᠴᠡᠭᠦᠯᠦᠯ ᠵᠡᠷᠭᠡ ᠲᠠᠯ᠎ᠠ ᠪᠠᠷ ︽ᠢᠷᠭᠡᠨ ᠤ ᠬᠠᠤᠯᠢ ᠶᠢᠨ ᠪᠢᠴᠢᠭ︾᠎ ᠢ ᠨᠡᠶᠢᠲᠡᠯᠡᠭᠰᠡᠨ ᠠᠬᠤᠶ ᠪᠠᠶᠢᠳᠠᠯ᠂ ᠪᠦᠲᠦᠴᠡ᠂ ᠴᠠᠭ ᠦᠶ᠎ᠡ ᠶᠢᠨ ᠣᠨᠴᠠᠯᠢᠭ ᠵᠡᠷᠭᠡ ᠶᠢ ᠭᠦᠨᠵᠡᠭᠡᠶ ᠲᠣᠳᠣᠷᠬᠠᠶᠢᠯᠠᠨ ᠥᠭᠦᠯᠡᠵᠡᠶ᠃ ᠪᠦᠬᠦ ᠲᠠᠯᠠᠪᠤᠷ ᠤᠨ ᠲᠠᠶᠢᠯᠤᠮᠵᠢ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠤᠯᠠᠨ ᠤ ︽ᠢᠷᠭᠡᠨ ᠤ ᠬᠠᠤᠯᠢ ᠶᠢᠨ ᠪᠢᠴᠢᠭ︾᠎ ᠢ ᠴᠢᠨᠠᠭᠰᠢᠳᠠ ᠰᠠᠶᠢᠲᠤᠷ ᠰᠤᠷᠤᠯᠴᠠᠨ ᠲᠤᠤᠱᠯᠠᠭᠤᠯᠬᠤ ᠳᠤ ᠰᠡᠳᠬᠢᠴᠡ ᠪᠠ ᠠᠷᠭ᠎ᠠ ᠬᠠᠩᠭᠠᠵᠠᠢ᠃        ᠲᠠᠶᠢᠯᠤᠮᠵᠢ ᠶᠢ ᠰᠣᠨᠣᠰᠴᠤ ᠪᠠᠷᠠᠭᠰᠠᠨ ᠤ ᠳᠠᠷᠠᠭ᠎ᠠ᠂ ᠣᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ︽ᠢᠷᠭᠡᠨ ᠤ ᠬᠠᠤᠯᠢ ᠶᠢᠨ ᠪᠢᠴᠢᠭ︾᠎ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠣᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠢᠷᠭᠡᠨ ᠤ ᠬᠠᠤᠯᠢ ᠶᠢᠨ ᠪᠢᠴᠢᠭ ᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠬᠡᠷᠡᠭᠵᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠭᠦᠷᠭᠡ ᠪᠤᠯᠭᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠠᠰᠢᠭᠯᠠᠨ᠂ ᠠᠷᠠᠳ ᠲᠦᠮᠡᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠢᠷᠭᠡᠨ ᠤ ᠬᠠᠤᠯᠢ ᠪᠢᠴᠢᠭ︾᠎ ᠢ ᠮᠠᠨ ᠤ ᠬᠤᠲᠠ ᠳᠤ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠵᠦ᠂ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠤᠨ᠎ᠠ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号