ᠬᠠᠶᠢᠷᠤᠪ ᠤᠨ ᠲᠤᠬᠤᠢ ᠲᠣᠭᠤᠷᠢᠭ ᠤᠨ ᠡᠪᠦᠯ ᠤᠨ ᠤᠯᠠᠷᠢᠯ ᠤᠨ ︽ᠳᠤᠯᠠᠭᠠᠨ︾ ᠬᠦᠷᠭᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/11/16
     11 ᠰᠠᠷ᠎ᠠ ᠶᠢᠨ 11᠎ ᠤ ᠡᠳᠦᠷ᠂ ︽ᠬᠤᠣᠰ 11︾᠎ ᠶᠢᠨ ᠪᠠᠷᠠᠭ᠎ᠠ ᠬᠤᠳᠠᠯᠳᠤᠨ ᠠᠪᠬᠤ ᠣᠷᠭᠢᠯ ᠦᠶ᠎ᠡ ᠬᠦᠷᠴᠦ ᠢᠷᠡᠬᠦ ᠲᠠᠰᠢᠷᠠᠮ ᠢᠶᠠᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠴᠠ ︽ᠬᠤᠣᠰ 11︾᠎ ᠤ ᠲᠣᠬᠤ ᠨᠢᠭᠤᠯᠤᠯᠲᠠ ᠶᠢᠨ ︽ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ︾᠎ ᠶᠢᠨ ᠠᠵᠢᠯᠯᠠᠭ᠎ᠠ ᠥᠪᠥᠷ ᠮᠣᠩᠭᠤᠯ ᠤᠨ ᠢ ᠵᠢᠶᠠ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠳᠤ ᠶᠠᠪᠤᠭᠳᠠᠵᠤ᠂ ᠪᠠᠷᠠᠭ᠎ᠠ ᠭᠦᠢᠯᠭᠡᠭᠡ ᠶᠢᠨ ᠠᠵᠢᠯ ᠳᠤ ᠰᠢᠷᠭ ᠠᠭᠤ ᠬᠠᠲᠠᠭᠤᠵᠢᠯᠲᠠᠢ ᠪᠠᠶᠢᠭ᠎ᠠ ᠨᠢᠭᠡᠳᠦᠭᠡᠷ ᠹᠷᠣᠨᠲ ᠤᠨ ᠠᠵᠢᠯᠲᠠᠳ ᠲᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃
     ᠨᠢᠭᠡ ᠵᠢᠯ ᠲᠤ ᠨᠢᠭᠡ ᠤᠳᠠᠭ᠎ᠠ ᠶᠠᠪᠤᠭᠳᠠᠬᠤ ︽ᠬᠤᠣᠰ 11︾ ᠪᠣᠯᠵᠤ᠂ ᠠᠵᠢᠯ ᠤᠨ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ᠂ ᠲᠦᠷᠭᠡᠨ ᠬᠦᠷᠭᠡᠬᠦ ᠠᠭ᠎ᠠ ᠨᠢ ᠪᠠᠴᠢᠮ ᠠᠵᠢᠯ ᠳᠤ ᠤᠷᠤᠯᠴᠠᠵᠤ᠂ ᠲᠦᠭ ᠲᠦᠮᠡᠨ ᠠᠶᠢᠯ ᠡᠷᠦᠬᠡ ᠳᠤ ᠬᠡᠷᠡᠭᠴᠡᠭᠡ ᠱᠠᠭᠠᠷᠳᠠᠯᠭ᠎ᠠ ᠬᠠᠩᠭᠠᠵᠤ᠂ ᠬᠠᠶᠢᠷ᠎ᠠ ᠬᠠᠯᠠᠮᠵᠢ ᠬᠦᠷᠲᠡᠭᠡᠨ᠎ᠡ᠃ ᠥᠪᠥᠷ ᠮᠣᠩᠭᠤᠯ ᠤᠨ ᠢ ᠵᠢᠶᠠ ᠪᠠᠷᠠᠭ᠎ᠠ ᠶᠢᠨ ᠭᠦᠢᠯᠭᠡᠭᠡᠨ ᠤ ᠬᠢᠵᠠᠭᠠᠷᠲᠤ ᠺᠣᠮᠫᠠᠨᠢ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯᠴᠢᠨ ᠤ ᠡᠪᠯᠡᠯ ᠤᠨ ᠺᠠᠳ᠋ᠷ ᠡᠮᠦᠨ᠎ᠡ ᠹᠷᠣᠨᠲ ᠤᠨ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠬᠥᠮᠦᠰ ᠲᠤ ᠲᠣᠬᠤᠨᠢᠭᠤᠯᠬᠤ ᠪᠣᠳᠠᠰ ᠬᠦᠷᠭᠡᠵᠦ᠂ ᠤᠯᠠᠨ ᠢ ᠶᠠᠭᠠᠷᠠᠯᠲᠠᠢ ᠠᠵᠢᠯᠯᠠᠬᠤ ᠦᠶ᠎ᠡ ᠳᠤ ᠬᠠᠯᠠᠭᠤᠨ ᠳᠤᠯᠠᠭᠠᠨ ᠰᠠᠨᠠᠭᠳᠠᠭᠤᠯᠪᠠ᠃      ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠪᠠᠷᠠᠭᠠᠨ ᠤ ᠭᠦᠢᠯᠭᠡᠭᠡᠨ ᠤ ᠤᠶᠢᠯᠡᠰ ᠤᠨ ᠨᠢᠭᠡᠳᠦᠭᠡᠷ ᠹᠷᠣᠨᠲ ᠤᠨ ᠠᠵᠢᠯᠲᠠᠳ ᠲᠤ ᠬᠠᠶᠢᠷᠤᠪ ᠤᠨ ᠲᠣᠬᠤᠢ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠲᠡᠳᠡᠨ ᠢ ᠬᠠᠮᠤᠭ ᠤᠨ ᠵᠦᠳᠡᠷᠡᠯᠲᠡᠶ ᠡᠳᠦᠷ ᠬᠤᠨᠤᠭ ᠲᠤ ᠨᠠᠮ ᠪᠣᠯᠤᠨ ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠢ ᠮᠡᠳᠡᠷᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠯᠠᠵᠤ᠂ ᠬᠤᠲᠠ ᠶᠢᠨ ᠠᠷᠠᠳ ᠲᠤ ᠨᠠᠩ ᠰᠠᠶᠢᠨ ᠡᠳ᠋ ᠪᠣᠳᠠᠰ ᠳᠠᠮᠵᠢᠭᠤᠯᠬᠤ᠂ ᠬᠡᠷᠡᠭᠴᠡᠭᠡ ᠱᠠᠭᠠᠷᠳᠠᠯᠭ᠎ᠠ ᠶᠢ ᠳᠠᠮᠵᠢᠭᠤᠯᠬᠤ᠂ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠬᠤᠲᠠ ᠶᠢᠨ ᠠᠷᠠᠳ ᠲᠤ ᠬᠠᠨᠤᠮᠵᠢᠲᠠᠶ ᠬᠤᠲᠠ ᠶᠢᠨ ᠲᠦᠷᠭᠡᠨ ᠬᠦᠷᠭᠡᠯᠲᠡ ᠶᠢᠨ ︽ᠵᠢᠵᠢᠭ ᠵᠥᠬᠡᠶ︾ ᠪᠣᠯᠬᠤ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号