ᠴᠢ ᠹᠸᠢ ᠶᠦᠨ ᠬᠠᠶᠢᠷᠤᠪ ᠤᠨ ᠲᠣᠬᠤᠢ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠦᠭᠡᠷᠡᠴᠢᠯᠡᠬᠦ ᠲᠥᠷᠥᠯ ᠵᠤᠶᠢᠯ ᠵᠢᠴᠢ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/11/16
   11 ᠰᠠᠷ᠎ᠠ ᠶᠢᠨ 11᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠠᠶᠢᠷᠤᠪ ᠤᠨ ᠲᠣᠬᠤᠢ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠤᠯ ᠵᠤᠶᠢᠯ ᠵᠢᠴᠢ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
     ᠴᠢ ᠹᠸᠢ ᠶᠦᠨ ᠨᠠᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠮᠢᠩ ᠳ᠋ᠧ ᠭᠡᠷ ᠣᠷᠣᠨ᠂ ᠮᠢᠨ ᠯᠧ ᠲᠣᠭᠤᠷᠢᠭ᠂ ᠴᠢᠩ ᠱᠠᠨ ᠯᠢ ᠵᠢᠩ ᠶᠤᠸᠠᠨ ᠪᠣᠯᠤᠨ ᠴᠢᠩ ᠱᠠᠨ ᠨᠠᠨ ᠶᠤᠸᠠᠨ ᠳᠤ ᠬᠦᠷᠴᠦ᠂ ᠬᠠᠶᠢᠷᠤᠪ ᠤᠨ ᠲᠣᠬᠤᠢ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠦᠨᠳᠦᠰᠦᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠭᠡᠷ ᠪᠠᠶᠢᠰᠢᠩ ᠵᠢᠴᠢ ᠬᠠᠭᠤᠴᠢᠨ ᠵᠢᠵᠢᠭ ᠲᠣᠭᠤᠷᠢᠭ ᠤᠨ ᠲᠣᠣᠷ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠠᠬᠢᠴᠠ ᠪᠠ ᠠᠵᠢᠯᠲᠠᠨ ᠲᠣᠬᠢᠷᠠᠭᠤᠯᠤᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠪᠠ᠃
      ᠴᠢ ᠹᠸᠢ ᠶᠦᠨ ᠵᠢᠭᠠᠵᠤ ᠭᠠᠷᠭᠠᠭᠰᠠᠨ ᠨᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠣᠯ ᠠᠷᠠᠳ ᠤᠨ ᠵᠣᠯ ᠵᠢᠷᠭᠠᠯ ᠲᠠᠢ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠤᠯᠤᠨ᠎ᠠ᠂ ᠪᠠᠷᠢᠯᠭ᠎ᠠ ᠶᠢᠨ ᠨᠢᠭᠡᠴᠡ ᠪᠠᠷᠢᠯᠭ᠎ᠠ ᠶᠢᠨ ᠬᠤᠭᠤᠴᠠᠭ᠎ᠠ ᠶᠢ ᠪᠠᠲᠤ ᠡᠵᠡᠮᠳᠡᠨ᠎ᠡ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠪᠠ ᠨᠣᠭᠤᠭᠠᠷᠠᠭᠤᠯᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠲᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃       ᠴᠢ ᠹᠸᠢ ᠶᠦᠨ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠢᠳᠡᠪᠬᠢᠲᠡᠢ ᠳᠠᠶᠢᠴᠢᠯᠠᠨ ᠬᠠᠭᠤᠴᠢᠨ ᠲᠣᠭᠤᠷᠢᠭ ᠢ ᠥᠭᠡᠷᠡᠴᠢᠯᠡᠬᠦ ᠠᠵᠢᠯ ᠳᠤ ᠣᠷᠣᠯᠴᠠᠭᠤᠯᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃ ᠪᠦᠲᠦᠭᠡᠨ ᠪᠠᠶᠢᠭᠤᠯᠬᠤ ᠨᠢᠭᠡᠴᠡ ᠶᠢᠨ ᠳᠡᠮᠵᠢᠯᠭᠡ ᠪᠠ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠶᠢᠷᠤᠪ ᠤᠨ ᠲᠣᠬᠤᠢ ᠶᠢᠨ ᠲᠣᠭᠤᠷᠢᠭ ᠤᠨ 2020 ᠣᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠵᠢᠴᠢ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠤᠷᠤᠭᠰᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号