ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠎ ᠤᠨ ᠪᠠᠶᠢᠳᠠᠯ ᠢ ᠰᠡᠷᠭᠡᠶᠢᠯᠡᠬᠦ ᠵᠦᠭᠯᠡᠭᠦᠷ
ᠨᠡᠶᠢᠲᠡᠯᠡᠭᠰᠡᠨ ᠴᠠᠭ᠄
2020/11/16
     ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠎ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠨᠳᠤᠰᠢ ᠤᠯᠠᠮ ᠨᠢᠭᠡ ᠠᠯᠬᠤᠮ ᠪᠠᠬᠢᠵᠢᠵᠦ᠂ ᠭᠡᠪᠡᠴᠦ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠨ ᠳᠡᠯᠭᠡᠷᠡᠵᠦ᠂ ᠡᠪᠡᠳᠴᠢᠨ ᠤ ᠵᠢᠱᠢᠶ᠎ᠠ ᠣᠷᠣᠭᠤᠯᠬᠤ ᠴᠢᠨᠠᠷᠲᠠᠶ ᠠᠶᠤᠯ ᠲᠦᠭᠰᠢᠭᠦᠷᠢ ᠮᠥᠨ ᠯᠡ ᠨᠡᠯᠢᠶᠡᠳ ᠶᠡᠭᠡ ᠪᠠᠶᠢᠨ᠎ᠠ᠃ ᠨᠠᠮᠤᠷ ᠡᠪᠦᠯ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠤᠯᠠᠷᠢᠯ ᠪᠠᠶᠢᠵᠤ᠂ ᠰᠢᠨ᠎ᠡ ᠲᠢᠲᠢᠮ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠪᠠ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠤᠡᠴᠢᠨ ᠳᠡᠯᠭᠡᠷᠡᠬᠦ ᠠᠶᠤᠯ ᠲᠠᠢ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠨᠢ ᠮᠥᠨ ᠯᠡ ᠨᠠᠮᠤᠷ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠴᠢᠬᠤᠯᠠ ᠠᠷᠭ᠎ᠠ ᠪᠠᠷᠢᠯ ᠪᠣᠯᠤᠨ᠎ᠠ᠃ ᠬᠤᠲᠠ ᠶᠢᠨ ᠠᠷᠠᠳ ᠠᠮᠠᠪᠴᠢ ᠵᠡᠭᠦᠬᠦ ᠪᠠᠨ ᠶᠠᠭᠠᠬᠢᠭᠰᠠᠨ ᠴᠤ ᠮᠠᠷᠲᠠᠵᠤ ᠪᠣᠯᠬᠤ ᠦᠭᠡᠢ᠃    1 ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠬᠠᠯᠠᠭᠤᠷᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠦᠰ ᠵᠢᠴᠢ ᠬᠠᠮᠢᠶ᠎ᠠ ᠪᠦᠬᠦᠢ ᠪᠠᠷ᠎ᠠ ᠪᠣᠯᠤᠭᠰᠠᠳ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠪᠤᠶᠤ ᠣᠯᠠᠨ ᠨᠡᠶᠢᠲᠡ ᠶᠢᠨ ᠲᠠᠯᠠᠪᠤᠷ ︵ᠲᠠᠯᠠᠪᠤᠷ︶᠎ ᠲᠤ ᠣᠴᠢᠬᠤ ᠳᠤ᠂ ᠡᠷᠬᠡᠪᠰᠢ ᠠᠮᠠᠪᠴᠢ ᠵᠡᠭᠦᠬᠦ ᠬᠡᠷᠡᠭᠲᠡᠶ᠃    2᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠬᠠᠮᠢᠶ᠎ᠠ ᠪᠦᠬᠦᠢ ᠠᠵᠢᠯᠯᠠᠭᠰᠠᠳ ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠤ᠂ ᠠᠵᠢᠯ ᠡᠷᠬᠢᠯᠡᠬᠦ ᠵᠢᠷᠤᠮᠵᠢᠯ ᠪᠣᠯᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠷᠬᠡᠪᠰᠢ ᠠᠮᠠᠪᠴᠢ ᠵᠡᠭᠦᠬᠦ ᠬᠡᠷᠡᠭᠲᠡᠶ ︵ᠡᠮᠴᠢᠯᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ᠂ ᠣᠯᠠᠨ ᠨᠡᠶᠢᠲᠡ ᠶᠢᠨ ᠤᠶᠢᠯᠡᠴᠢᠯᠡᠭᠡᠨ ᠤ ᠠᠵᠢᠯ ᠲᠥᠷᠥᠯ ᠤᠨ ᠠᠵᠢᠯᠯᠠᠭᠰᠠᠳ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯᠲᠠᠨ ᠵᠡᠷᠭᠡ ᠪᠠᠭᠲᠠᠨ᠎ᠠ︶᠃    3᠂ ᠲᠡᠮᠦᠷ ᠵᠠᠮ ᠤᠨ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠤᠶᠤ ᠬᠤᠯᠠ ᠵᠠᠮ ᠤᠨ ᠠᠶᠠᠨᠴᠢᠳ ᠲᠡᠷᠭᠡᠨ ᠳᠤ ᠰᠠᠭᠤᠵᠤ᠂ ᠡᠮᠴᠢᠯᠡᠭᠡᠨ ᠤ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠵᠢᠴᠢ ᠰᠤᠷᠭᠠᠭᠤᠯᠢ ᠵᠡᠷᠭᠡ ᠤᠯᠤᠰ ᠠᠴᠠ ᠲᠣᠳᠣᠷᠬᠠᠢ ᠱᠠᠭᠠᠷᠳᠠᠯᠭ᠎ᠠ ᠲᠠᠢ ᠲᠠᠯᠠᠪᠤᠷ ᠲᠤ ᠣᠷᠣᠬᠤ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠶ᠃    4᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠰᠤ ᠠᠬᠢᠭᠰᠠᠨ ᠪᠠ ᠪᠡᠶ᠎ᠡ ᠮᠠᠭᠤᠳᠠᠭᠰᠠᠳ᠂ ᠤᠳᠠᠭᠠᠨ ᠴᠢᠨᠠᠷᠲᠠᠢ ᠡᠪᠡᠳᠴᠢᠲᠡᠨ ᠭᠠᠳᠠᠭᠰᠢ ᠭᠠᠷᠪᠠᠯ ᠠᠮᠠᠪᠴᠢ ᠵᠡᠭᠦᠬᠦ ᠶᠢ ᠰᠠᠨᠠᠭᠤᠯᠤᠶ᠎ᠠ᠃    5᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠤᠪᠢ ᠬᠥᠮᠦᠨ ᠠᠮᠠᠪᠴᠢ ᠠᠪᠴᠤ ᠶᠠᠪᠤᠬᠤ ᠶᠢ ᠰᠠᠨᠠᠭᠠᠴᠢᠯᠠᠵᠤ᠂ ᠪᠢᠲᠡᠭᠦᠤ ᠣᠷᠣᠨ ᠵᠠᠶ ᠳᠣᠲᠣᠷ᠎ᠠ᠂ ᠬᠥᠮᠦᠨ ᠣᠯᠠᠨ ᠴᠤᠭᠯᠠᠷᠠᠭᠰᠠᠨ ᠣᠷᠣᠨ᠂ ᠪᠤᠰᠤᠳ ᠲᠠᠢ ᠨᠢᠭᠲᠠ ᠬᠠᠷᠢᠯᠴᠠᠬᠤ ᠴᠢᠭ  ᠤᠯᠠᠲᠠᠶ ᠦᠶ᠎ᠡ ᠳᠤ᠂ ᠪᠠᠶᠢᠳᠠᠯ ᠢ ᠦᠵᠡᠵᠦ ᠠᠮᠠᠪᠴᠢ ᠵᠡᠭᠦᠬᠦ ᠶᠢ ᠰᠠᠨᠠᠭᠤᠯᠤᠨ᠎ᠠ᠃ ᠭᠠᠷ ᠤᠬᠢᠶᠠᠬᠤ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠮᠥᠨ ᠃ ᠭᠠᠷ ᠢᠶᠠᠨ ᠤᠬᠢᠶᠠᠬᠤ ᠦᠶ᠎ᠡ ᠳᠤ ᠰᠠᠪᠤᠩ ᠪᠠ ᠭᠠᠷ ᠤᠬᠢᠶᠠᠬᠤ ᠰᠢᠩᠭᠡᠨ ᠬᠡᠷᠡᠭᠯᠡᠵᠦ᠂ ᠤᠷᠤᠰᠤᠮᠠᠯ ᠤᠰᠤ ᠪᠠᠷ ᠤᠬᠢᠶᠠᠬᠤ ᠬᠡᠷᠡᠭᠲᠡᠶ᠃ ᠡᠭᠦᠨ ᠤ ᠳᠤ ᠬᠠᠮᠲᠤ ᠣᠯᠠᠨ ᠢᠶᠠᠷ ᠢᠶᠠᠨ ᠭᠠᠳᠠᠭᠰᠢ ᠭᠠᠷᠴᠤ ᠭᠠᠷ ᠠᠷᠢᠭᠤᠳᠬᠠᠬᠤ ᠡᠮ ᠠᠪᠴᠤ ᠶᠠᠪᠤᠬᠤ ᠶᠢ ᠰᠠᠨᠠᠭᠤᠯᠵᠤ᠂ ᠭᠠᠷ ᠤᠬᠢᠶᠠᠬᠤ ᠨᠥᠬᠦᠴᠡᠯ ᠢ ᠪᠦᠷᠢᠯᠳᠦᠭᠦᠯᠦᠭᠡᠳᠦᠶ ᠦᠶ᠎ᠡ ᠳᠤ᠂ ᠴᠠᠭ ᠲᠤᠬᠠᠶ ᠳᠤᠨᠢ ᠭᠠᠷ ᠢᠶᠠᠨ ᠠᠷᠢᠭᠤᠳᠬᠠᠨ᠎ᠠ᠃    ᠶᠡᠷᠦᠩᠬᠡᠶᠢᠯᠡᠭᠡᠳ ᠬᠡᠯᠡᠪᠡᠯ᠂ ᠠᠮᠠᠪᠴᠢ ᠵᠡᠭᠦᠬᠦ ᠳᠠᠳᠬᠠᠯ ᠲᠠᠢ ᠪᠣᠯᠬᠤ ᠬᠡᠷᠡᠭᠲᠡᠶ᠂ ᠢᠯᠠᠩᠭᠤᠶ᠎ᠠ ᠨᠠᠮᠤᠷ ᠡᠪᠦᠯ ᠤᠨ ᠤᠯᠠᠷᠢᠯ ᠳᠤ ᠬᠠᠯᠳᠠᠪᠤᠷᠢᠲᠤ ᠲᠠᠭᠰᠢᠭᠤᠷ ᠣᠯᠠᠨ ᠡᠭᠦᠰᠳᠡᠭ᠃ ᠨᠡᠩ ᠴᠤ ᠬᠠᠯᠳᠠᠪᠤᠷᠢᠯᠠᠯ ᠢ ᠰᠡᠷᠭᠡᠶᠢᠯᠡᠬᠦ ᠠᠰᠠᠭᠤᠳᠠᠯ ᠢ ᠠᠩᠬᠠᠷᠬᠤ ᠬᠡᠷᠡᠭᠲᠡᠢ᠃ ᠪᠠᠰᠠ ᠠᠮᠠᠪᠴᠢ ᠨᠢ ᠪᠢᠳᠡᠨ ᠢ ᠬᠠᠪᠰᠤᠷᠴᠤ ᠬᠦᠢᠲᠡᠨ ᠰᠠᠯᠬᠢ ᠶᠢ ᠬᠤᠷᠢᠭᠯᠠᠵᠤ᠂ ᠡᠪᠡᠳᠴᠢᠨ ᠡᠮᠭᠡᠭ ᠢ ᠰᠡᠷᠭᠡᠶᠢᠯᠡᠵᠤ ᠴᠢᠳᠠᠨ᠎ᠠ᠃ ᠪᠠᠰᠠ ᠠᠭᠠᠷ ᠳᠣᠲᠣᠷᠠᠬᠢ ᠲᠣᠭᠤᠰᠣ ᠶᠢ ᠲᠤᠰᠠᠭᠠᠷᠯᠠᠵᠤ᠂ ᠮᠠᠨ ᠤ ᠠᠮᠢᠰᠬᠤᠯ ᠤᠨ ᠵᠠᠮ ᠤᠨ ᠡᠷᠡᠭᠦᠯ ᠮᠡᠨᠳᠦ ᠶᠢ ᠬᠠᠮᠠᠭᠠᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号