ᠬᠤᠲᠠ ᠶᠢᠨ ᠵᠠᠰᠠᠭ ᠤᠨ ᠣᠷᠳᠣᠨ 2020 ᠣᠨ ᠤ 18 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/17
     ᠬᠤᠲᠠ ᠶᠢᠨ ᠵᠠᠰᠠᠭ ᠤᠨ ᠣᠷᠳᠣᠨ 2020᠎ ᠤᠨ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠬᠦᠨᠵᠡᠭᠡᠶᠢᠷᠡᠬᠦᠯᠦᠨ ᠰᠠᠶᠢᠵᠢᠷᠠᠭᠤᠯᠵᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠤᠨ ᠲᠣᠬᠢᠷᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠷᠪᠠᠨ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠶᠢᠨ ᠠᠵᠢᠯ ᠵᠢᠴᠢ ᠬᠠᠷᠢᠭᠤ ᠲᠤᠰᠬᠠᠭᠰᠠᠨ ᠰᠠᠨᠠᠯ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ ᠶᠢᠨ ᠪᠡᠭᠡᠵᠢᠩ ᠤᠨ ᠲᠣᠪᠴᠢᠶᠠᠨ ᠤ ᠮᠠᠨ ᠤ ᠬᠤᠲᠠ ᠶᠢᠨ ᠠᠰᠠᠭᠤᠳᠠᠯ ᠢ ᠬᠠᠷᠢᠭᠤ ᠲᠤᠰᠬᠠᠭᠰᠠᠨ ᠢ ᠴᠡᠭᠴᠡᠯᠡᠨ ᠰᠠᠶᠢᠵᠢᠷᠠᠭᠤᠯᠤᠭᠰᠠᠨ᠂ ᠮᠠᠨ ᠤ ᠬᠤᠲᠠ ᠶᠢᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠷᠭᠤᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠤᠳᠠᠭᠠᠨ ᠤ ᠬᠠᠷᠠᠭᠠᠨ ᠳᠠᠪᠲᠠᠮᠵᠢ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠬᠤᠯᠪᠤᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠱᠠᠭᠠᠷᠳᠠᠯᠭ᠎ᠠ᠂ ᠤᠯᠤᠰ ᠲᠥᠷᠥ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠦᠨᠳᠦᠷᠴᠡ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠯᠲᠠ ᠶᠢ ᠬᠦᠯᠢᠶᠡᠨ ᠠᠪᠴᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢᠶᠠᠨ ᠪᠠᠶᠢᠴᠠᠭᠠᠨ ᠳᠡᠯᠭᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠲᠦᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠦᠷᠭᠡᠳᠭᠡᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠦᠬᠠᠶ ᠬᠤᠲᠠ ᠳᠤ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠨᠣᠪᠴᠢᠲᠠᠶ ᠡᠵᠡᠮᠳᠡᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠬᠠᠮᠤᠭ ᠡᠴᠦᠰ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢᠶᠠᠨ ᠱᠠᠯᠠᠪᠳᠠᠨ ᠪᠣᠳᠠᠲᠠᠶ ᠪᠥᠭᠡᠳ ᠨᠠᠷᠢᠨ ᠠᠳᠬᠤᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ︾᠎ ᠶᠢ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠵᠤ᠂ ᠬᠢᠵᠢᠭ ᠳᠡᠯᠭᠡᠷᠡᠬᠦ ᠲᠦᠭᠰᠢᠭᠦᠷᠢ ᠶᠢ ᠪᠠᠭᠠᠰᠬᠠᠵᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠭᠤᠣᠯᠳᠠᠯᠭ᠎ᠠ ᠲᠠᠢ ᠨᠢᠭᠡᠴᠡ ᠶᠢᠨ ᠰᠡᠷᠭᠡᠶᠢᠯᠡᠨ ᠡᠵᠡᠮᠳᠡᠬᠦ ᠶᠢ ᠪᠤᠳᠠᠳᠠᠢ ᠨᠠᠷᠢᠯᠢᠭ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡᠯᠡᠯᠲᠡ ᠪᠠ ᠪᠣᠯᠪᠠᠰᠤᠷᠠᠭᠤᠯᠤᠯ ᠰᠣᠷᠢᠯᠲᠠ ᠪᠠᠨ ᠦᠨᠡᠨᠬᠦ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ᠂ ᠠᠵᠢᠯ ᠢᠶᠠᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠬᠤ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠣᠯᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠦᠭᠵᠢᠯᠳᠡ ᠲᠠᠢ ᠬᠤᠯᠪᠣᠭᠳᠠᠨ᠎ᠠ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠠᠤᠯᠢ ᠶᠣᠰᠣᠭᠠᠷ ᠴᠢᠩᠭ᠎ᠠ ᠬᠠᠮᠢᠶᠠᠷᠴᠤ᠂ ︽ᠨᠢᠭᠡ ᠲᠥᠷᠥᠯ ᠳᠤ ᠨᠢᠭᠡ ᠠᠷᠭ᠎ᠠ ᠪᠣᠳᠣᠯᠭ᠎ᠠ᠂ ᠨᠢᠭᠡ ᠲᠥᠷᠥᠯ ᠳᠤ ᠨᠢᠭᠡ ᠬᠠᠷᠢᠭᠤᠴᠠᠯᠭ᠎ᠠ ᠡᠭᠦᠷᠭᠡᠯᠡᠭᠴᠢ︾᠎ ᠶᠢᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠶ ᠨᠠᠶᠢᠳᠠᠪᠤᠷᠢᠳᠠᠢ ᠠᠳᠬᠤᠬᠤ ᠬᠡᠷᠡᠭᠲᠡᠶ᠃ ᠭᠦᠨᠵᠡᠭᠡᠶ ᠵᠠᠳᠠᠯᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠶ ᠡᠷᠢᠵᠦ᠂ ᠤᠯᠠᠮ ᠨᠢᠭᠡ ᠠᠯᠬᠤᠮ ᠠᠯᠳᠠᠰᠢ ᠶᠢ ᠰᠡᠷᠭᠡᠶᠢᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠡᠯ᠎ᠡ ᠵᠦᠢᠯ ᠤᠨ ᠲᠦᠷᠢᠮ ᠲᠣᠭᠲᠠᠴᠠ ᠶᠢ ᠲᠡᠭᠦᠯᠳᠡᠷᠵᠢᠭᠦᠯᠵᠤ᠂ ᠴᠢᠩᠭ᠎ᠠ ᠬᠠᠮᠢᠶᠠᠷᠬᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠠᠵᠠᠷ ᠰᠢᠷᠣᠶ ᠶᠢ ᠠᠰᠢᠭᠯᠠᠬᠤ ᠰᠢᠨ᠎ᠡ ᠪᠠᠶᠢᠷᠢᠰᠢᠯ ᠢ ᠪᠣᠶ ᠪᠤᠯᠭᠠᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠭᠠᠵᠠᠷ ᠬᠡᠷᠡᠭᠯᠡᠬᠦ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠢᠨᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠤᠳᠠᠭᠠᠨ ᠤ ᠬᠠᠷᠠᠭᠠᠨ ᠳᠠᠪᠲᠠᠮᠵᠢ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠷᠠᠭᠤᠯᠵᠤ᠂ ᠠᠵᠢᠯ ᠤᠨ ᠡᠷᠴᠢᠮ ᠢᠶᠠᠨ ᠨᠡᠮᠡᠭᠳᠡᠭᠦᠯᠵᠦ᠂ ᠬᠠᠷᠠᠯᠲᠠ ᠶᠢᠨ ᠠᠬᠢᠴᠠ ᠪᠠᠨ ᠲᠤᠬᠢᠷᠠᠭᠤᠯᠤᠨ ᠵᠢᠭᠰᠠᠭᠠᠵᠤ᠂ ᠬᠠᠷᠭᠤᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠦᠨᠳᠦᠰᠦᠨ ᠳᠤᠨᠢ ᠲᠤᠯᠲᠠᠯ᠎ᠠ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠬᠦᠴᠦᠲᠡᠢ ᠰᠠᠶᠢᠲᠤᠷ ᠪᠡᠶᠡᠯᠡᠭᠦᠯᠬᠦ ᠬᠡᠷᠡᠭᠳᠡᠢ ᠬᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ ᠨᠢᠭᠡᠨᠲᠡ ᠬᠠᠮᠤᠭ ᠤᠨ ᠡᠴᠦᠰ ᠤᠨ ᠰᠢᠢᠳᠪᠦᠷᠢᠲᠦ ᠪᠠᠶᠢᠯᠳᠤᠭᠠᠨ ᠤ ᠵᠠᠩᠭᠢᠯᠠᠭ᠎ᠠ ᠳᠤ ᠣᠷᠣᠵᠠᠶ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠦᠷᠭᠦᠯᠵᠢᠯᠡᠨ ᠬᠦᠴᠦᠯᠡᠵᠦ᠂ ᠭᠤᠣᠯᠳᠠᠯᠭ᠎ᠠ ᠪᠠᠨ ᠠᠳᠬᠤᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠨ ᠳᠣᠪᠤᠶᠢᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠣᠭᠠᠨ ᠤ ᠢᠯᠠᠯᠲᠠ ᠶᠢ ᠣᠯᠬᠤ ᠶᠢ ᠦᠨᠡᠨᠬᠦ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠠᠷᠠᠳ ᠲᠦᠮᠡᠨ ᠤ ᠵᠥᠪᠰᠢᠶᠡᠷᠡᠯ ᠢ ᠣᠯᠵᠣ᠂ ᠰᠢᠯᠭᠠᠯᠲᠠ ᠶᠢ ᠳᠠᠭᠠᠭᠠᠵᠤ ᠴᠢᠳᠠᠬᠤ ᠪᠤᠯᠭᠠᠬᠤ ᠬᠡᠷᠡᠭᠳᠡᠢ ᠬᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号