ᠳᠥᠷᠪᠡᠳᠦᠭᠡᠷ ᠤᠳᠠᠭᠠᠨ ᠤ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ | ᠬᠠᠨᠢᠲᠠᠨ ᠤᠬᠠᠷᠢᠴᠠᠭᠠ ᠶᠢᠨ ᠬᠡᠯᠡᠯᠴᠡᠭᠡᠷ ᠤᠨ ᠤᠳᠤᠷᠢᠳᠬᠤ ᠬᠥᠮᠦᠰ ᠤᠨ ᠬᠤᠷᠠᠯ 11 ᠳ᠋ᠦ᠋ᠭᠡᠷ ᠰᠠᠷ᠎ᠠ ᠶᠢᠨ 15 ᠤ | ᠡᠳᠦᠷᠬᠤᠷᠠᠯᠳᠤᠵᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠠᠷᠪᠠᠨ ᠤᠯᠤᠰ ᠵᠢᠴᠢ ᠳᠤᠮᠳᠠᠳᠤ ᠤᠯᠤᠰ᠂ | ᠶᠠᠫᠣᠨ᠂ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 15 ᠤᠯᠤᠰ᠂ ᠣᠷᠣᠨ ᠪᠦᠰᠡ ᠶᠢᠨ ᠪᠦᠬᠦ ᠲᠠᠯ᠎ᠠ ᠶᠢᠨ | ᠠᠵᠤᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠲᠤ ᠵᠢᠩᠬᠢᠨᠢ ᠪᠠᠷ ᠭᠠᠷ ᠤᠨ | ᠦᠰᠦᠭᠵᠢᠷᠤᠭᠰᠠᠨ ᠨᠢ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ | ᠬᠡᠯᠡᠯᠴᠡᠭᠡᠷᠵᠢᠩᠬᠢᠨᠢ ᠪᠠᠷ ᠲᠣᠭᠲᠠᠭᠰᠠᠨ ᠢ ᠬᠠᠷᠠᠭᠤᠯᠵᠤ ᠪᠠᠶᠢᠨ᠎ᠠ᠃ RCEP ᠲᠤ ᠭᠠᠷ ᠤᠨ ᠦᠰᠦᠭ ᠵᠢᠷᠤᠭᠰᠠᠨ | ᠨᠢ ᠭᠠᠵᠠᠷᠣᠷᠣᠨ ᠤ ᠤᠯᠤᠰ ᠤᠳ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ | ᠬᠠᠮᠠᠭᠠᠯᠠᠵᠤ᠂ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢ ᠪᠦᠳᠦᠭᠡᠨ ᠪᠠᠶᠢᠭᠤᠯᠬᠤ ᠴᠢᠬᠤᠯᠠ ᠨᠢᠭᠡ | ᠠᠯᠬᠤᠮ ᠮᠥᠨ᠂ᠲᠡᠷᠡ ᠨᠢ ᠣᠷᠣᠨ ᠪᠦᠰᠡ ᠶᠢᠨ ᠠᠵᠤ ᠠᠬᠤᠶ ᠶᠢᠨ ᠨᠢᠭᠡ ᠴᠤᠭᠴᠠᠵᠢᠯᠲᠠ ᠶᠢ ᠭᠦᠨᠵᠡᠭᠡᠶᠢᠷᠡᠭᠦᠯᠬᠦ᠂ | ᠪᠦᠬᠦᠪᠥ᠋ᠮᠪᠥᠷᠴᠡᠭ ᠤᠨ ᠠᠵᠤ ᠠᠬᠤᠶ ᠶᠢ ᠲᠣᠭᠲᠠᠪᠤᠷᠢᠵᠢᠭᠤᠯᠬᠤ ᠳᠤ ᠪᠡᠯᠭᠡ ᠲᠡᠮᠳᠡᠭ ᠤᠨ ᠴᠢᠨᠠᠷᠲᠠᠶ | ᠠᠴᠢᠬᠤᠯᠪᠣᠭᠳᠠᠯ ᠲᠠᠢ ᠶᠤᠮ᠃ | | | | ᠬᠡᠯᠡᠯᠴᠡᠭᠡᠷ ᠨᠢ 8 ᠵᠢᠯ ᠦᠷᠭᠦᠯᠵᠢᠯᠡᠪᠡ | ᠬᠡᠯᠡᠯᠴᠡᠭᠡᠷ ᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ 10 ᠤᠯᠤᠰ ᠡᠴᠠᠰᠠᠨᠠᠭᠠᠴᠢᠯᠠᠵᠤ | ᠂ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋᠂ ᠡᠨᠡᠳᠬᠡᠭ ᠵᠡᠷᠭᠡ6 ᠶᠠᠷᠢᠯᠴᠠᠭᠠᠨ ᠤ | ᠬᠠᠨᠢᠲᠠᠨ ᠤᠯᠤᠰ ᠢ ᠣᠷᠣᠯᠴᠠᠭᠤᠯᠬᠤ ᠪᠠᠷ ᠤᠷᠢᠵᠤ᠂ ᠪᠣᠭᠤᠮᠲᠠ ᠶᠢᠨ ᠭᠠᠶᠢᠯᠢ ᠵᠢᠴᠢᠪᠣᠭᠤᠮᠲᠠ ᠶᠢᠨ ᠭᠠᠶᠢᠯᠢ ᠶᠢᠨ | ᠪᠤᠰᠤ ᠬᠤᠷᠢᠭ᠎ᠠ ᠶᠢ ᠪᠠᠭᠠᠰᠬᠠᠵᠦ᠂ 16 ᠤᠯᠤᠰ ᠤᠨ ᠨᠢᠭᠡᠳᠦᠯᠲᠡᠶ ᠵᠠᠬ᠎ᠠᠲ᠋ᠡᠯᠭᠡᠭᠦᠷ ᠤᠨ ᠴᠢᠯᠥᠭᠡᠲᠦ ᠠᠷᠠᠯᠵᠢᠶᠠᠨ ᠤ | ᠬᠡᠯᠡᠯᠴᠡᠭᠡᠷ ᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠪᠠ᠃ | ᠬᠡᠯᠡᠯᠴᠡᠭᠡᠷ ᠨᠢ 2012 ᠣᠨ ᠤ 11 ᠳ᠋ᠦ᠋ᠭᠡᠷ ᠰᠠᠷ᠎ᠠ ᠳᠤ ᠵᠢᠩᠬᠢᠨᠢ ᠪᠠᠷ ᠡᠬᠢᠯᠡᠵᠦ᠂ ᠳᠤᠮᠳᠠ ᠵᠢᠵᠢᠭ | ᠠᠵᠤᠠᠬᠤᠶᠢᠯᠠᠯ᠂ ᠪᠡᠯᠡ ᠣᠷᠤᠭᠤᠯᠤᠯᠲᠠ᠂ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠡᠳ᠋ ᠪᠠᠷᠠᠭ᠎ᠠ | ᠪᠣᠯᠣᠨᠦᠢᠯᠡᠴᠢᠯᠡᠭᠡᠨ ᠤ ᠠᠷᠠᠯᠵᠢᠶ᠎ᠠ ᠵᠡᠷᠭᠡ 10 ᠰᠢᠬᠠᠮ ᠬᠦᠷᠢᠶ᠎ᠡ ᠴᠠᠷᠠᠭᠠᠨ ᠳᠤ ᠬᠤᠯᠪᠣᠭᠳᠠᠵᠠᠢ᠃ 2019 | ᠣᠨ ᠤ 11ᠳ᠋ᠦ᠋ᠭᠡᠷ ᠰᠠᠷ᠎ᠠ ᠶᠢᠨ 4 ᠤ ᠡᠳᠦᠷ᠂ ᠭᠤᠷᠪᠠᠳᠤᠭᠠᠷ ᠤᠳᠠᠭᠠᠨ ᠤ ︽ᠣᠷᠣᠨ ᠪᠦᠰᠡ ᠶᠢᠨ ᠪᠦᠬᠦ | ᠲᠠᠯ᠎ᠠ ᠶᠢᠨ ᠠᠵᠤᠠᠬᠤᠶ ᠶᠢᠨ ᠬᠠᠨᠢᠲᠠᠨ ᠤ ᠬᠠᠷᠢᠴᠠᠭᠠᠨ ᠤ ᠬᠡᠯᠡᠯᠴᠡᠭᠡᠷ︾ ᠤᠨ ᠤᠳᠤᠷᠢᠳᠬᠤ ᠬᠥᠮᠦᠰ ᠤᠨ | ᠬᠤᠷᠠᠯ ᠡᠴᠠᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ 15 ᠪᠦᠷᠢᠯᠳᠦᠬᠦᠨ ᠤᠯᠤᠰ ᠪᠦᠬᠦ ᠲᠣᠪᠬᠢᠮᠠᠯ ᠤᠨ | ᠬᠡᠯᠡᠯᠴᠡᠭᠡ ᠵᠢᠴᠢᠮᠥ᠋ᠨ ᠴᠢᠨᠠᠷ ᠳᠡᠭᠡᠷᠡᠬᠢ ᠪᠤᠶ ᠪᠦᠬᠦᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠬᠡᠯᠡᠯᠴᠡᠭᠡ ᠪᠠᠨ ᠳᠠᠭᠤᠰᠬᠠᠵᠤ᠂ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢᠶᠠᠨ | ᠡᠬᠢᠯᠡᠭᠦᠯᠪᠡ᠂ ᠡᠨᠡᠳᠬᠡᠭ ︽ᠴᠢᠬᠤᠯᠠ ᠠᠰᠠᠭᠤᠳᠠᠯ ᠬᠠᠷᠠᠬᠠᠨ ᠰᠢᠢᠳᠪᠦᠷᠢᠯᠡᠭᠳᠡᠭᠡ ᠥᠬᠡᠶ︾ ᠭᠡᠳ ᠲᠦᠷ ᠴᠠᠭ | ᠬᠡᠯᠡᠯᠴᠡᠭᠡᠷ ᠲᠤ ᠤᠷᠤᠭᠰᠠᠨᠥᠬᠡᠶ᠃ | ᠬᠡᠪᠴᠢᠶ᠎ᠡ ᠨᠢ ᠪᠦᠬᠦ ᠳᠡᠯᠡᠬᠡᠢ ᠳᠤ ᠬᠠᠮᠤᠭ ᠶᠡᠭᠡ | 2018 ᠣᠨ ᠪᠣᠯᠲᠠᠯᠠᠬᠢ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠬᠡᠯᠡᠯᠴᠡᠭᠡᠷ ᠤᠨ | 15ᠪᠦᠷᠢᠯᠳᠦᠬᠦᠨ ᠤᠯᠤᠰ ᠨᠢ ᠪᠦᠬᠦ ᠪᠥᠮᠪᠥᠷᠴᠡᠭ ᠤᠨ ᠪᠠᠷᠤᠭ 23 ᠳ᠋ᠦᠩᠰᠢᠭᠤᠷ ᠬᠥᠮᠦᠨ ᠠᠮᠠ ᠶᠢ ᠬᠠᠮᠤᠷᠴᠤ᠂ | ᠪᠦᠬᠦᠪᠥ᠋ᠮᠪᠥᠷᠴᠡᠭ ᠤᠨ ᠬᠥᠮᠦᠨ ᠠᠮᠠ ᠶᠢᠨ 30% ᠶᠢ ᠡᠵᠡᠯᠡᠵᠡᠢ︔ GDP ᠶᠢᠨ ᠨᠡᠶᠢᠯᠡᠪᠦᠷᠢ ᠨᠢ 25 | ᠲᠦᠮᠡᠨᠳᠦ᠋ᠩᠰᠢᠭᠤᠷ ᠳ᠋ᠣᠯᠯᠠᠷ ᠢ ᠳᠠᠪᠠᠵᠤ᠂ ᠪᠠᠭᠲᠠᠵᠤ ᠪᠠᠶᠢᠭ᠎ᠠ ᠣᠷᠣᠨ ᠪᠦᠰᠡ ᠨᠢ ᠳᠡᠯᠡᠬᠡᠢ ᠶᠢᠨ ᠬᠠᠮᠤᠭ ᠤᠨ | ᠶᠡᠭᠡᠴᠢᠯᠥᠭᠡᠲᠦ ᠠᠷᠠᠯᠵᠢᠶᠠᠨ ᠤ ᠣᠷᠣᠨ ᠪᠣᠯᠣᠭᠰᠠᠨ ᠪᠠᠶᠢᠨ᠎ᠠ᠃ | ᠣᠯᠠᠨ ᠵᠦᠢᠯ ᠤᠨ ᠰᠢᠨ᠎ᠡ ᠠᠷᠠᠯᠵᠢᠶᠠᠨ ᠤ ᠬᠡᠯᠪᠡᠷᠢ ᠶᠢ ᠣᠷᠤᠭᠤᠯᠪᠠ | ᠬᠡᠯᠡᠯᠴᠡᠭᠡᠷ ᠨᠢ ᠪᠦᠬᠦ ᠪᠥᠮᠪᠥᠷᠴᠡᠭ ᠤᠨ ᠠᠷᠠᠯᠵᠢᠶᠠᠨ ᠤ ᠬᠥᠭᠵᠢᠯᠲᠡ ᠶᠢᠨ ᠬᠠᠨᠳᠤᠰᠢ ᠶᠢ ᠴᠢᠩᠭ᠎ᠠ ᠮᠥᠷᠳᠡᠵᠦ᠂ | ᠮᠠᠰᠢ ᠣᠯᠠᠨ ᠰᠢᠨ᠎ᠡ ᠠᠷᠠᠯᠵᠢᠶᠠᠨ ᠤ ᠬᠡᠯᠪᠡᠷᠢ ᠶᠢ ᠣᠷᠤᠭᠤᠯᠵᠠᠢ᠂ ᠡᠯᠧᠺᠲᠷᠣᠨ ᠬᠤᠳᠠᠯᠳᠤᠭᠠᠨ ᠤ ᠶᠠᠪᠤᠳᠠᠯ | ᠪᠣᠯᠲ᠋ᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠠᠴᠠ ᠭᠠᠳᠠᠨ᠎ᠠ᠂ | ᠬᠡᠯᠡᠯᠴᠡᠭᠡᠷ ᠲᠤ ᠪᠠᠰᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠥᠷᠢᠰᠥᠯᠳᠦᠭᠡᠨ ᠤ | ᠲᠦᠷᠦ ᠵᠢᠨᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠤᠮᠳᠠ ᠵᠢᠵᠢᠭ ᠠᠵᠤ ᠠᠬᠤᠶᠢᠯᠠᠯ | ᠵᠡᠷᠭᠡᠠᠭᠤᠯᠭᠠ ᠶᠢ ᠪᠠᠭᠲᠠᠭᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠲᠣᠭᠲᠠᠭᠠᠭᠰᠠᠨᠬᠡᠪᠴᠢᠶᠡᠨ ᠠᠴᠠ ᠳᠠᠪᠠᠵᠠᠶ᠃ |