11 ᠰᠠᠷ᠎ᠠ ᠶᠢᠨ 13 ᠤ ᠡᠳᠦᠷ᠂ ᠳ᠋ᠠᠴᠢᠩ ᠤᠨ ᠨᠡᠶᠢᠭᠡᠮ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ | ᠠᠰᠠᠷ ᠤᠨ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠠᠵᠢᠯᠲᠠᠳ ᠶᠠᠭ ᠵᠠᠮ ᠳᠡᠪᠢᠰᠴᠦ | ᠪᠠᠶᠢᠨ᠎ᠠ᠃ ᠣᠳᠣᠬᠠᠨ ᠳᠤ ᠳ᠋ᠠᠴᠢᠩ ᠨᠡᠶᠢᠭᠡᠮ ᠲᠣᠭᠤᠷᠢᠭ ᠲᠤ ᠨᠡᠶᠢᠲᠡ 4 ᠰᠠᠭᠤᠭᠠᠯᠢ ᠲᠣᠭᠤᠷᠢᠭ ᠢ ᠶᠠᠭ ᠰᠠᠶᠢᠬᠠᠨ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠠᠰᠠᠷ᠂ ᠵᠠᠮ ᠬᠠᠷᠢᠯᠴᠠᠭᠠᠨ ᠤ ᠴᠠᠭᠳᠠᠭ᠎ᠠ ᠶᠢᠨ ᠲᠣᠭᠤᠷᠢᠭ᠂ ᠳ᠋ᠠᠴᠢᠩ ᠤᠨ ᠬᠤᠶᠢᠲᠤ ᠨᠢᠭᠡᠳᠦᠭᠡᠷ ᠲᠣᠭᠤᠷᠢᠭ᠂ | ᠳ᠋ᠠᠴᠢᠩ ᠤᠨ ᠬᠤᠶᠢᠲᠤ ᠬᠤᠶᠠᠳᠤᠭᠠᠷ ᠲᠣᠭᠤᠷᠢᠭ ᠢ ᠥᠭᠡᠷᠡᠴᠢᠯᠡᠵᠦ ᠪᠠᠶᠢᠨ᠎ᠠ᠃ ᠥᠭᠡᠷᠡᠴᠢᠯᠡᠨ ᠰᠠᠶᠢᠵᠢᠷᠠᠭᠤᠯᠬᠤ | ᠲᠥᠷᠥᠯ ᠵᠤᠶᠢᠯ ᠨᠢ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠵᠠᠮ ᠢ | ᠬᠠᠲᠠᠭᠤᠷᠠᠭᠤᠯᠬᠤ ᠵᠡᠷᠭᠡ ᠣᠯᠠᠨ ᠵᠤᠶᠢᠯ ᠤᠨ ᠠᠭᠤᠯᠭ᠎ᠠ ᠲᠠᠢ ᠬᠤᠯᠪᠣᠭᠳᠠᠨ᠎ᠠ᠃ | ᠡᠳᠡᠭᠡᠷ ᠬᠤᠷᠢᠶᠠᠯᠠᠯ ᠨᠢᠭᠡᠨᠲᠡ 20 ᠭᠠᠷᠤᠶ ᠵᠢᠯ ᠪᠠᠶᠢᠭᠤᠯᠤᠭᠳᠠᠵᠤ᠂ ᠵᠢᠱᠢᠶᠡᠯᠡᠪᠡᠯ ᠵᠠᠮ ᠬᠠᠷᠢᠯᠴᠠᠭᠠᠨ ᠤ | ᠴᠠᠭᠳᠠᠭ᠎ᠠ ᠶᠢᠨ ᠲᠣᠭᠤᠷᠢᠭ 1995 ᠣᠨ ᠳᠤ ᠪᠠᠶᠢᠭᠤᠯᠤᠭᠳᠠᠵᠤ᠂ ᠬᠠᠲᠠᠭᠤ ᠲᠣᠨᠤᠭ ᠲᠥᠬᠦᠭᠡᠷᠦᠮᠵᠢ ᠨᠢ ᠪᠦᠷᠢᠨ | ᠲᠡᠭᠦᠯᠳᠡᠷ ᠪᠢᠰᠢ᠂ ᠳᠤᠯᠠᠭᠠᠯᠠᠭ᠎ᠠ ᠬᠠᠩᠭᠠᠬᠤ ᠪᠠ ᠳᠡᠭᠡᠷ᠎ᠡ ᠳᠣᠣᠷᠠᠳᠤ ᠤᠰᠤᠨ ᠤ ᠬᠤᠭᠤᠯᠠᠶ ᠬᠦᠨᠳᠦ ᠨᠣᠴᠢᠲᠠᠶ | ᠬᠠᠭᠤᠴᠢᠷᠠᠵᠤ᠂ ᠰᠠᠭᠤᠭᠠᠯᠢ ᠠᠷᠠᠳ ᠤᠨ ᠠᠮᠢᠳᠤᠷᠠᠯ ᠶᠡᠬᠡᠪᠡᠷ ᠨᠥᠯᠥᠭᠡᠯᠡᠭᠳᠡᠪᠡ᠃ ᠣᠳᠣᠬᠠᠨ ᠳᠤ᠂ ᠰᠠᠭᠤᠭᠠᠯᠢ | ᠲᠣᠭᠤᠷᠢᠭ ᠤᠨ ᠤᠰᠤ ᠬᠠᠩᠭᠠᠬᠤ᠂ ᠤᠰᠤ ᠵᠠᠯᠠᠬᠤ ᠬᠤᠭᠤᠯᠠᠶ ᠶᠢᠨ ᠲᠣᠤᠷ ᠳᠡᠪᠢᠰᠬᠦ ᠠᠵᠢᠯ ᠨᠢᠭᠡᠨᠲᠡ ᠳᠠᠭᠤᠰᠴᠤ᠂ | ᠲᠠᠷᠠᠭᠠᠴᠢ ᠶᠢᠨ ᠠᠯᠬᠤᠮ ᠳᠤ ᠵᠠᠮ ᠤᠨ ᠭᠠᠳᠠᠷᠭᠤ ᠶᠢ ᠬᠠᠲᠠᠭᠤᠷᠠᠭᠤᠯᠬᠤ ᠥᠭᠡᠷᠡᠴᠢᠯᠡᠯᠲᠡ ᠬᠢᠬᠦ ᠪᠣᠯᠤᠨ᠎ᠠ᠃ | ᠳ᠋ᠠᠴᠢᠩ ᠤᠨ ᠬᠤᠶᠢᠲᠤ ᠨᠢᠭᠡᠳᠦᠭᠡᠷ ᠲᠣᠭᠤᠷᠢᠭ ᠲᠤ ᠶᠠᠭ ᠳᠤᠯᠠᠭᠠᠯᠠᠭ᠎ᠠ ᠬᠠᠩᠭᠠᠬᠤ ᠪᠠ ᠤᠰᠤ ᠵᠠᠯᠠᠬᠤ | ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠠᠵᠢᠯ ᠬᠢᠵᠦ ᠪᠠᠶᠢᠨ᠎ᠠ᠂ ᠵᠢᠱᠢᠯᠲᠡ ᠪᠠᠷ 11 ᠰᠠᠷ᠎ᠠ ᠶᠢᠨ | ᠬᠤᠷᠢᠳ ᠢᠶᠠᠷ ᠪᠦᠬᠦᠨ ᠢ ᠪᠠᠷᠢᠵᠤ ᠳᠠᠭᠤᠰᠬᠠᠨ᠎ᠠ᠃ |