ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2020/11/19
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠨᠡᠶᠢᠭᠡᠮ ᠤᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠡᠳᠦᠨ ᠡᠳᠦᠷ ᠤᠨ ᠲᠤᠷᠰᠢ᠂ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠨᠠᠮ ᠤᠨ ᠭᠡᠰᠢᠭᠦᠨ ᠺᠠᠳ᠋ᠷ ᠢ ᠢᠳᠡᠪᠬᠢᠲᠡᠢ ᠵᠣᠬᠢᠶᠠᠨ ᠪᠠᠶᠢᠭᠤᠯᠵᠤ᠂ ᠲᠦᠪᠯᠡᠷᠡᠭᠦᠯᠤᠨ ᠰᠤᠷᠤᠯᠴᠠᠬᠤ᠂ ᠥᠪᠡᠷ ᠢᠶᠠᠨ ᠰᠤᠷᠤᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃
       ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠳᠠᠮᠵᠢᠭᠤᠯᠤᠨ᠂ ᠪᠢᠳᠡ ᠬᠤᠶᠢᠰᠢᠳᠠ ᠶᠢᠨ ᠬᠥᠭᠵᠢᠯᠲᠡ ᠶᠢᠨ ᠬᠠᠷᠠᠯᠲᠠ ᠪᠠ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶ ᠪᠣᠯᠭᠠᠬᠤ ᠶᠢᠨ ᠬᠠᠮᠲᠤ ᠮᠥᠷᠥᠨ ᠳᠡᠭᠡᠷᠡᠬᠢ ᠬᠠᠷᠢᠭᠤᠴᠠᠯᠭ᠎ᠠ ᠪᠠ ᠳᠠᠷᠤᠯᠲᠠ ᠶᠢ ᠴᠤ ᠰᠡᠷᠡᠵᠦ ᠮᠡᠳᠡᠭᠰᠡᠨ ᠪᠠᠶᠢᠨ᠎ᠠ᠃ ᠳᠠᠷᠠᠭ᠎ᠠ ᠠᠯᠬᠤᠮ ᠳᠤ ᠪᠢᠳᠡ ᠪᠦᠬᠦ ᠤᠯᠤᠰ ᠤᠨ  ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠤᠯᠭᠠᠵᠤ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠸᠠᠩ ᠶᠠᠨ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号