ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/19
     ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠬᠠᠷᠢᠶᠠᠲᠤ ᠣᠷᠣᠨ ᠤ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠦᠷᠨᠢᠭᠦᠯᠪᠡ᠃      ᠪᠠᠶᠢᠴᠠᠭᠠᠯᠲᠠ ᠶᠢᠨ ᠳᠤᠮᠳᠠ᠂ ᠠᠵᠢᠯᠲᠠᠳ ᠡᠯ᠎ᠡ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠨᠡᠯᠭᠡ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ᠂ ᠮᠠᠩᠨᠠᠶ ᠳᠤᠯᠠᠭᠠᠨ ᠫᠤᠤ᠂ ᠬᠢᠵᠢᠭ ᠰᠡᠷᠭᠡᠶᠢᠯᠡᠬᠦ ᠡᠮ ᠤᠨ ᠵᠤᠶᠢᠯ ᠢ ᠪᠠᠷᠠᠭ᠎ᠠ ᠣᠷᠣᠭᠤᠯᠬᠤ ᠵᠠᠮ ᠮᠥᠷ᠂ ᠬᠤᠳᠠᠯᠳᠤᠨ ᠠᠪᠴᠤ ᠪᠣᠷᠣᠯᠠᠭᠤᠯᠤᠭᠰᠠᠨ ᠲᠡᠮᠳᠡᠭᠯᠡᠯ᠂ ᠬᠠᠳᠠᠭᠠᠯᠠᠵᠤ ᠲᠡᠭᠡᠭᠡᠪᠦᠷᠢᠯᠡᠬᠦ ᠨᠥᠬᠦᠴᠡᠯ ᠵᠡᠷᠭᠡ ᠲᠠᠯ᠎ᠠ ᠳᠤ ᠪᠠᠶᠢᠴᠠᠭᠠᠯᠲᠠ ᠬᠢᠵᠦ᠂ ᠬᠠᠯᠠᠭᠤᠷᠠᠬᠤ᠂ ᠬᠠᠨᠢᠶᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ᠡᠳ᠋ ᠵᠡᠷᠭᠡ ᠡᠮ ᠤᠨ ᠵᠤᠶᠢᠯ ᠢ ᠦᠨᠡᠨ ᠨᠡᠷ᠎ᠡ ᠪᠠᠷ ᠬᠤᠳᠠᠯᠳᠤᠨ ᠠᠪᠬᠤ ᠳᠠᠩᠰᠠᠯᠠᠯ ᠤᠨ ᠪᠠᠶᠢᠳᠠᠯ ᠢ ᠬᠢᠨᠠᠨ ᠬᠠᠷᠭᠤᠭᠤᠯᠤᠨ᠎ᠠ᠃ ᠡᠭᠦᠨ ᠤ ᠬᠠᠮᠲᠤ ᠮᠠᠩᠨᠠᠶ ᠶᠢᠨ ᠫᠤᠤ᠂ ᠰᠡᠷᠭᠡᠶᠢᠯᠡᠨ ᠬᠠᠮᠠᠭᠠᠯᠠᠬᠤ ᠬᠤᠪᠴᠠᠰᠤ᠂ ᠡᠮᠨᠡᠯᠭᠡ ᠳᠤ ᠬᠡᠷᠡᠭᠯᠡᠬᠦ ᠭᠠᠳᠠᠷ ᠡᠮᠨᠡᠯᠭᠡ ᠶᠢᠨ ᠠᠮᠠᠪᠴᠢ᠂ ᠬᠢᠵᠢᠭ ᠰᠡᠷᠭᠡᠶᠢᠯᠡᠬᠦ ᠡᠮ ᠵᠡᠷᠭᠡ ᠨᠥᠭᠡᠴᠡᠯᠡᠬᠦ ᠪᠠᠶᠢᠳᠠᠯ ᠢ ᠪᠦᠷᠢᠳᠬᠡᠨ ᠡᠵᠡᠮᠰᠢᠬᠦ ᠬᠡᠷᠡᠭᠲᠡᠶ᠃      ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠪᠡᠶ᠎ᠡ ᠶᠢᠨ ᠳᠤᠯᠠᠭᠠᠨ ᠤ ᠫᠤᠤ ᠵᠡᠷᠭᠡ ᠬᠢᠵᠢᠭ ᠰᠡᠷᠭᠡᠶᠢᠯᠡᠬᠦ ᠡᠳ᠋ ᠪᠣᠳᠠᠰ ᠨᠢ ᠪᠠᠷᠠᠭᠠᠨ ᠤ ᠢᠷᠡᠯᠲᠡ ᠭᠦᠢᠴᠠᠤᠡ ᠪᠠᠶᠢᠬᠤ ᠪᠠᠶᠢᠳᠠᠯ ᠳᠤ ᠣᠷᠣᠰᠢᠵᠤ ᠪᠠᠶᠢᠨ᠎ᠠ᠃ ᠵᠠᠯᠭᠠᠭᠠᠳ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠡᠮ ᠤᠨ ᠵᠤᠶᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ᠢ ᠪᠠᠷᠠᠭ᠎ᠠ ᠣᠷᠣᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠦᠷᠭᠦᠯᠵᠢᠯᠡᠨ ᠬᠠᠩᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠳᠤ ᠬᠠᠮᠲᠤ᠂ ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠤᠨ ᠬᠠᠨᠢᠶᠠᠳᠤ ᠶᠢ ᠵᠣᠭᠰᠣᠭᠠᠬᠤ ᠲᠥᠷᠥᠯ ᠬᠤᠳᠠᠯᠳᠤᠨ ᠠᠪᠬᠤ ᠶᠢ ᠱᠠᠭᠠᠷᠳᠠᠵᠤ᠂ ᠬᠠᠯᠠᠭᠤᠨ ᠢ ᠪᠠᠭᠤᠷᠠᠭᠤᠯᠬᠤ ᠲᠥᠷᠥᠯ᠂ ᠸᠢᠷᠦ᠋ᠰ ᠢ ᠡᠰᠡᠷᠭᠦᠴᠡᠬᠦ ᠵᠡᠷᠭᠡ ᠡᠮ ᠤᠨ ᠵᠦᠶ ᠳᠤ ᠦᠨᠡᠨ ᠨᠡᠷ᠎ᠡ ᠶᠢᠨ ᠲᠠᠩᠰᠠᠯᠠᠯᠲᠠ ᠬᠢᠨ᠎ᠡ᠂ ᠬᠠᠶᠢᠷᠤᠪ ᠤᠨ ᠲᠣᠬᠤᠢ ᠲᠤᠭᠤᠷᠢᠭ ᠲᠤ  ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠠᠷᠠᠳ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠶᠢ ᠪᠠᠲᠤᠯᠠᠨ᠎ᠠ᠃      ᠠᠷᠪᠠᠨ ᠰᠠᠷ᠎ᠠ ᠠᠴᠠ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 36 ᠡᠷᠦᠬᠡ ᠤᠳᠠᠭ᠎ᠠ ᠬᠠᠷᠢᠶᠠᠲᠤ ᠣᠷᠣᠨ ᠤ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠠᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠳᠦᠰᠦᠯᠡᠨ᠂ ᠠᠰᠠᠭᠤᠳᠠᠯ ᠣᠷᠣᠰᠢᠵᠤ ᠪᠠᠶᠢᠭ᠎ᠠ 3 ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号