ᠬᠠᠶᠢᠷᠤᠪ ᠤᠨ ᠲᠣᠬᠤᠢ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠠᠵᠢᠯ‌‍ᠤᠨ ᠪᠤᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/11/23
     ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠵᠢᠯ ᠤᠨ ᠴᠢᠳᠠᠪᠤᠷᠢ ᠪᠣᠯᠤᠨ ᠤᠶᠢᠯᠡᠳᠤᠯᠭᠡ ᠶᠢᠨ ᠴᠢᠳᠠᠪᠤᠷᠢ ᠪᠠᠨ ᠴᠢᠩᠬᠠᠳᠬᠠᠵᠤ᠂ ᠦᠨᠳᠦᠰᠦᠨ ᠱᠠᠲᠤᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠡᠩᠨᠡᠭᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ 11 ᠰᠠᠷ᠎ᠠ ᠶᠢᠨ 18᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠡᠷᠬᠢᠯᠡᠭᠰᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠪᠣᠯᠪᠠᠰᠤᠷᠠᠯ ᠤᠨ ᠬᠤᠷᠠᠯ ᠲᠤᠭᠤᠷᠢᠭ  ᠤᠨ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠶᠠᠪᠤᠭᠳᠠᠵᠤ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ  ᠶᠢᠨ ᠭᠠᠵᠠᠷ᠂ ᠦᠷᠳᠡᠭᠡ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ᠂ ᠡᠯ᠎ᠡ ᠪᠦᠷᠢᠯᠳᠦᠬᠦᠨ ᠨᠢᠭᠡᠴᠢ᠂ ᠣᠨᠴᠠᠯᠢᠭ ᠲᠠᠢ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠬᠢ ᠵᠡᠷᠭᠡ 200 ᠭᠠᠷᠤᠢ ᠬᠥᠮᠦᠨ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠪᠠ᠃ ᠪᠣᠯᠪᠠᠰᠤᠷᠠᠯ ᠤᠨ ᠬᠤᠷᠠᠯ ᠳᠡᠭᠡᠷ᠎ᠡ ᠬᠤᠶᠠᠷ ᠪᠠᠭᠰᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠡᠷᠬᠢᠨ ᠥᠷᠨᠢᠭᠦᠯᠬᠦ ᠲᠤᠬᠠᠢ ᠶᠠᠮᠠᠷ ᠴᠢᠬᠤᠯᠠ ᠠᠴᠢ ᠬᠤᠯᠪᠣᠭᠳᠠᠯ ᠲᠠᠢ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠵᠡᠢ᠃
      ᠬᠠᠶᠢᠷᠤᠪ ᠤᠨ ᠲᠣᠬᠤᠢ ᠶᠢᠨ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠲᠤᠷᠰᠢᠯᠲᠠ ᠶᠢᠨ ᠬᠤᠰᠢᠭᠤ ᠰᠢᠶᠠᠨ ᠪᠣᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠥᠪ ᠰᠤᠷᠲᠠᠯ ᠢ ᠪᠠᠷᠢᠮᠲᠠᠯᠠᠨ ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠢ ᠡᠭᠦᠳᠬᠦ ᠴᠢᠬᠤᠯᠠ ᠠᠷᠭ᠎ᠠ ᠪᠠᠷᠢᠯ᠂ ᠦᠨᠳᠦᠰᠦᠨ ᠱᠠᠲᠤ ᠶᠢ ᠠᠮᠢᠯᠠᠭᠤᠯᠬᠤ ᠰᠠᠭᠤᠷᠢ ᠶᠢ ᠪᠠᠳᠤᠤᠡᠬᠠᠬᠤ ᠴᠢᠬᠤᠯᠠ ᠥᠭᠡᠷᠡᠴᠢᠯᠡᠯᠲᠡ ᠪᠣᠯᠤᠨ᠎ᠠ᠃ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨ ᠳᠤ ᠲᠦᠰᠢᠭᠯᠡᠵᠦ᠂ ᠤᠯᠠᠨ ᠲᠦᠮᠡᠨ ᠳᠤ ᠦᠢᠯᠡᠴᠢᠯᠡᠵᠦ᠂ ᠠᠷᠠᠳ ᠤᠨ ᠰᠡᠤᠡᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠰᠢᠨ᠎ᠡ ᠠᠷᠭ᠎ᠠ ᠬᠡᠮᠵᠢᠶ᠎ᠡ᠂ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃       ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠰᠢᠨᠵᠢᠯᠡᠬᠦ ᠤᠬᠠᠭᠠᠨ ᠢ ᠰᠤᠷᠤᠯᠴᠠᠬᠤ᠂ ᠤᠨᠤᠯ ᠢ ᠤᠯᠠᠮᠵᠢᠯᠠᠬᠤ ᠤᠯᠠᠨ ᠲᠦᠮᠡᠨᠴᠢ ᠲᠠᠪᠴᠠᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ︔ ᠦᠨᠳᠦᠰᠦᠨ ᠱᠠᠲᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠪᠠᠲᠤ ᠴᠢᠩᠭ᠎ᠠ ᠵᠢᠭᠰᠠᠭᠠᠯ ᠤᠨ ᠭᠠᠵᠠᠷ ᠪᠣᠯᠪᠠ︔ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠵᠦ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠤᠶᠤᠨ ᠰᠠᠨᠠᠭᠠᠨ ᠤ ᠭᠡᠷ ᠣᠷᠣᠨ ᠪᠣᠯᠬᠤ︔ ᠳᠤᠮᠳᠠᠳᠤ ᠤᠯᠤᠰ ᠤᠨ ᠣᠨᠴᠠᠯᠢᠭ ᠪᠦᠬᠦᠢ ᠰᠠᠶᠢᠨ ᠳᠤᠷ᠎ᠠ ᠶᠢᠨ ᠤᠶᠢᠯᠡᠴᠢᠯᠡᠭᠡᠨ ᠢ ᠥᠷᠨᠢᠭᠦᠯᠬᠦ ᠥᠷᠭᠡᠨ ᠠᠭᠤᠳᠠᠮ ᠲᠠᠪᠴᠠᠩ ᠪᠣᠯᠵᠠᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号