ᠭᠤᠷᠪᠠ ᠶᠢ ᠠᠰᠠᠭᠤᠵᠤ ᠭᠤᠷᠪᠠ ᠶᠢ ᠪᠠᠶᠢᠴᠠᠭᠠᠵᠤ ᠬᠢᠨᠠᠯᠲᠠ ᠲᠠᠯᠪᠢᠬᠤ ᠶᠢ ᠠᠬᠢᠭᠤᠯᠬᠤ
ᠨᠡᠶᠢᠲᠡᠯᠡᠭᠰᠡᠨ ᠴᠠᠭ᠄
2020/11/23
     ᠡᠨᠡ ᠵᠢᠯ ᠠᠴᠠ ᠨᠠᠰᠢ᠂ ᠳᠣᠯᠣᠳᠤᠭᠠᠷ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠵᠤ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠢᠨᠠᠯᠲᠠ ᠲᠠᠯᠪᠢᠬᠤ ᠴᠢᠭᠯᠡᠯ ᠢᠶᠠᠨ ᠲᠣᠳᠣᠷᠬᠠᠶᠢᠯᠠᠵᠤ᠂ ︽ᠭᠤᠷᠪᠠ ᠶᠢ ᠠᠰᠠᠭᠤᠵᠤ ᠭᠤᠷᠪᠠ ᠶᠢ ᠪᠠᠶᠢᠴᠠᠭᠠᠬᠤ ︾᠎ ᠪᠠᠷ ᠭᠠᠷᠳᠠᠴᠠ ᠪᠣᠯᠭᠠᠵᠤ᠂ ᠬᠢᠵᠠᠭᠠᠷᠯᠠᠯ ᠢ ᠴᠢᠩᠭᠠᠳᠬᠠᠵᠤ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠦᠨᠡᠨ ᠬᠦ ᠭᠦᠢᠴᠠᠤᠡᠭᠡᠪᠡ᠃      ᠨᠢᠭᠡ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠰᠠᠭᠤᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠪᠠᠶᠢᠴᠠᠭᠠᠵᠤ᠂ ᠬᠢᠨᠠᠯᠲᠠ ᠶᠢ ᠨᠡᠩ ᠢᠯᠡᠭᠦᠤ ᠲᠥᠪᠯᠡᠷᠡᠭᠦᠯᠪᠡ᠃ ᠰᠠᠭᠤᠭ᠎ᠠ ᠨᠢᠭᠡᠴᠡ ᠶᠢᠨ ︽ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ︾᠎ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠠᠤᠡᠭᠡᠬᠦ ᠶᠢ ᠰᠢᠮᠳᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠤᠨ ᠪᠠᠶᠢᠷᠢ᠂ ᠭᠤᠤᠯᠳᠠᠯᠭ᠎ᠠ ᠲᠠᠢ ᠵᠠᠩᠭᠢᠯᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠢᠯᠵᠠᠷᠠᠮᠠᠯ ᠦᠵᠡᠭᠳᠡᠯ ᠢ ᠡᠷᠡᠰ ᠬᠤᠷᠢᠭᠯᠠᠨ ᠵᠣᠭᠰᠣᠭᠠᠨ᠎ᠠ᠃      ᠬᠤᠶᠠᠷ᠂ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠠᠰᠠᠭᠤᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠰᠠᠭᠤᠳᠠᠯ ᠢ ᠵᠠᠰᠠᠭᠰᠠᠨ ᠪᠠᠶᠢᠳᠠᠯ ᠢ ᠪᠠᠶᠢᠴᠠᠭᠠᠵᠤ᠂ ᠬᠢᠨᠠᠯᠲᠠ ᠲᠠᠯᠪᠢᠬᠤ ᠶᠢ ᠨᠠᠩ ᠤᠨᠤᠪᠴᠢᠲᠠᠢ ᠪᠣᠯᠭᠠᠨ᠎ᠠ᠃ ᠡᠯ᠎ᠡ ᠰᠠᠭᠤᠭ᠎ᠠ ᠨᠢᠭᠡᠴᠡ ᠶᠢᠨ ᠡᠭᠦᠷᠭᠡᠯᠡᠵᠦ ᠪᠠᠶᠢᠭ᠎ᠠ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠤᠨ ᠲᠣᠭᠤᠷᠢᠨ ᠳᠤ ᠬᠠᠨᠳᠤᠯᠭᠠᠲᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢ ᠰᠢᠮᠳᠠᠭᠤᠯᠵᠤ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ ᠶᠢᠨ ᠦᠷᠨᠢᠭᠦᠯᠤᠭ᠍ᠰᠡᠨ ᠠᠷᠠᠳ ᠤᠨ ᠡᠵᠡᠩᠨᠡᠯᠲᠡ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠢᠯᠭᠠᠷᠠᠭᠤᠯᠬᠤ ᠠᠵᠢᠯᠯᠠᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠲᠡᠭᠦᠨ ᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠲᠣᠪᠴᠢᠶ᠎ᠠ ᠳᠤ ᠬᠢᠨᠠᠯᠲᠠ ᠪᠠᠶᠢᠴᠠᠭᠠᠯᠲᠠ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠡᠯᠡ ᠮᠦᠩᠬᠦ ᠲᠤᠬᠠᠶᠢᠯᠠᠪᠠᠯ ᠲᠥᠪ ᠠᠴᠠ ᠰᠢᠭᠤᠳ ᠬᠦᠷᠬᠦ ᠪᠡᠯᠡ ᠮᠥᠩᠭᠦ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠢᠤᠡᠪᠤᠷᠢᠳᠤ  ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠡᠯ᠎ᠡ ᠭᠤᠤᠯ ᠴᠣᠭᠴᠠ ᠶᠢᠨ ᠬᠠᠷᠢᠭᠤᠴᠠᠯᠭᠠᠲᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠤᠶᠢᠯᠡᠴᠢᠯᠡᠭᠡᠨ ᠤ ᠠᠷᠭ᠎ᠠ ᠬᠡᠮᠵᠢᠶ᠎ᠡ ᠶᠢ ᠦᠨᠡᠨᠬᠦ ᠰᠠᠶᠢᠲᠤᠷ ᠠᠤᠡᠬᠤᠵᠤ᠂ ᠰᠠᠶᠢᠲᠤᠷ ᠬᠡᠷᠡᠭᠯᠡᠵᠦ᠂ ᠲᠣᠭᠲᠠᠭᠤᠨ ᠪᠥᠭᠡᠳ ᠡᠷᠬᠡ ᠲᠡᠭᠰᠢ ᠢᠯᠡ ᠲᠣᠳᠣ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠳᠬᠡᠨ ᠪᠤᠢ ᠪᠣᠯᠭᠠᠬᠤ ᠬᠡᠷᠡᠭᠲᠡᠶ᠃     ᠭᠤᠷᠪᠠ᠂ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠭᠤᠷᠪᠠᠨᠲᠠ ᠠᠰᠠᠬᠤᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ ᠢ ᠪᠠᠶᠢᠴᠠᠭᠠᠵᠤ᠂ ᠬᠢᠨᠠᠯᠲᠠ ᠶᠢ ᠨᠡᠩ ᠭᠦᠨᠵᠡᠭᠡᠶᠢᠷᠡᠭᠦᠯᠪᠡ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ᠂ ᠥᠪᠥᠷ ᠮᠣᠩᠭᠤᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠪᠠᠶᠢᠴᠠᠭᠠᠯᠲᠠ ᠬᠢᠨ᠎ᠠ᠃ ︽ᠬᠠᠶᠢᠷᠤᠪ ᠤᠨ ᠲᠣᠬᠤᠢ ᠲᠤᠭᠤᠷᠢᠭ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾᠎ ᠳᠤ ᠬᠤᠯᠪᠣᠭᠳᠠᠭᠰᠠᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤᠨ ᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠭᠤᠯᠭ᠎ᠠ ᠲᠡᠭᠦᠨ ᠢ ᠰᠢᠮᠳᠠᠭᠤᠯᠵᠤ ᠪᠠᠶᠢᠭᠠᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ᠂ ᠭᠦᠨᠵᠡᠭᠡᠶ ᠪᠠᠶᠢᠴᠠᠭᠠᠵᠤ᠂ ᠵᠤᠷᠪᠤᠰ ᠵᠤᠷᠪᠤᠰ ᠬᠠᠭᠤᠳᠠᠰᠤ ᠨᠢᠭᠡᠪᠤᠷᠢ ᠪᠠᠷ ᠡᠷᠭᠢᠴᠡᠭᠦᠯᠦᠨ ᠪᠣᠳᠣᠵᠤ ᠥᠪᠡᠷ ᠢ ᠪᠠᠨ ᠪᠠᠶᠢᠴᠠᠭᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠭᠴᠡᠯᠡᠨ ᠵᠠᠰᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠠᠰᠠᠭᠤᠳᠠᠯ ᠭᠠᠷᠪᠠᠯ ᠴᠠᠭ ᠲᠤᠬᠤᠢ ᠳᠤᠨᠢ ᠬᠠᠷᠢᠭᠤ ᠮᠡᠳᠡᠭᠦᠯᠵᠦ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号