ᠬᠠᠶᠢᠷᠤᠪ ᠤᠨ ᠲᠣᠬᠤᠢ ᠲᠣᠭᠤᠷᠢᠭ ᠤᠨ ᠭᠡᠷ ᠠᠬᠤᠶ ᠶᠢᠨ ᠤᠶᠢᠯᠡᠴᠢᠯᠡᠭᠡᠨ ᠤ APP ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2020/11/23
     ᠬᠠᠶᠢᠷᠤᠪ ᠤᠨ ᠲᠣᠬᠤᠢ ᠲᠣᠭᠤᠷᠢᠭ ᠤᠨ ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠤᠸᠠᠢ ᠰᠢᠩ ᠤᠨ ᠬᠡᠷ ᠤᠨ ᠡᠳ᠋ᠯᠡᠯ ᠳᠤ ᠬᠠᠶᠢᠷᠤᠪ ᠤᠨ ᠲᠣᠬᠤᠶ ᠲᠣᠭᠤᠷᠢᠭ ᠤᠨ ᠬᠡᠷ ᠠᠬᠤᠶ ᠶᠢᠨ ᠤᠶᠢᠯᠡᠴᠢᠯᠡᠭᠡᠨ ᠤ ᠤᠶᠢᠯᠡᠰ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠠᠪᠴᠠᠩ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ ᠤᠬᠠᠭᠤᠯᠬᠤ ᠠᠵᠢᠯᠲᠠᠳ ᠤᠬᠠᠭᠤᠯᠬᠤ ᠹᠢᠯᠢᠮ ᠨᠡᠪᠲᠡᠷᠡᠭᠦᠯᠬᠦ᠂ ᠤᠬᠠᠭᠤᠯᠬᠤ ᠰᠠᠮᠪᠠᠷ᠎ᠠ ᠪᠠᠶᠢᠷᠢᠯᠠᠭᠤᠯᠬᠤ᠂ ᠤᠬᠠᠭᠤᠯᠭ ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠭᠡᠷ ᠠᠬᠤᠢ ᠶᠢᠨ ᠤᠶᠢᠯᠡᠴᠢᠯᠡᠭᠡᠨ ᠤ ᠦᠢᠯᠡᠰ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠥᠷᠨᠢᠭᠦᠯᠬᠦ ᠴᠢᠬᠤᠯᠠ ᠠᠴᠢ ᠬᠤᠯᠪᠣᠭᠳᠠᠯ ᠵᠢᠴᠢ ᠬᠠᠶᠢᠷᠤᠪ ᠤᠨ ᠲᠣᠬᠤᠶ ᠲᠣᠭᠤᠷᠢᠭ ᠤᠨ ᠭᠡᠷ ᠠᠬᠤᠢ ᠶᠢᠨ ᠤᠶᠢᠯᠡᠴᠢᠯᠡᠭᠡᠨ ᠤ ᠦᠢᠯᠡᠰ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠠᠭᠠᠭᠠᠨ ᠪᠠᠶᠢᠭᠤᠯᠬᠤ ᠠᠵᠤ ᠠᠬᠤᠶᠢᠯᠠᠯ ᠳᠤ ᠣᠷᠣᠯᠴᠠᠬᠤ ᠵᠡᠷᠭᠡ ᠠᠭᠤᠯᠭ᠎ᠠ ᠶᠢ ᠤᠬᠠᠭᠤᠯᠤᠨ᠎ᠠ᠃ ᠡᠭᠦᠨ ᠤ ᠬᠠᠮᠲᠤ ᠬᠡᠷ ᠤᠨ ᠶᠠᠪᠤᠳᠠᠯ ᠤᠨ ᠤᠶᠢᠯᠡᠴᠢᠯᠡᠭᠡᠨ ᠤ ᠤᠶᠢᠯᠡᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ — ᠬᠡᠷ ᠤᠨ ᠶᠠᠪᠤᠳᠠᠯ ᠤᠨ ᠢᠲᠡᠭᠡᠮᠵᠢ ᠶᠢᠨ ᠪᠠᠶᠢᠴᠠᠭᠠᠯᠲᠠ ᠶᠢᠨ APP ᠬᠡᠷᠡᠭᠯᠡᠬᠦ ᠠᠷᠭ᠎ᠠ ᠶᠢ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠪᠠ᠃      ᠣᠶᠢᠯᠠᠭᠠᠭᠰᠠᠨ ᠢᠶᠠᠷ᠂ ᠭᠡᠷ ᠤᠨ ᠶᠠᠪᠤᠳᠠᠯ ᠤᠨ ᠢᠲᠡᠭᠡᠮᠵᠢ ᠶᠢᠨ ᠪᠠᠶᠢᠴᠠᠭᠠᠯᠲᠠ ᠶᠢᠨ APP ᠪᠣᠯ ᠬᠤᠳᠠᠯᠳᠤᠭᠠᠨ ᠤ ᠶᠠᠪᠤᠳᠠᠯ ᠤᠨ  ᠶᠠᠮᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠨᠢᠭᠡᠳᠦᠯᠲᠡᠶ ᠲᠠᠪᠴᠠᠩ ᠳᠤ ᠲᠦᠰᠢᠭᠯᠡᠵᠦ᠂ ᠣᠳᠣᠬᠠᠨ ᠳᠤ ᠬᠡᠰᠡᠭ ᠭᠡᠷ ᠠᠬᠤᠶ ᠶᠢᠨ ᠠᠵᠤ ᠠᠬᠤᠶᠢᠯᠠᠯ ᠪᠣᠯᠤᠨ ᠤᠶᠢᠯᠡᠴᠢᠯᠡᠭᠡᠨ ᠤ ᠬᠥᠮᠦᠰ ᠢ ᠰᠢᠰᠲ᠋ᠧᠮ ᠳᠤ ᠣᠷᠣᠭᠤᠯᠵᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠰᠢᠯᠭᠠᠨ ᠪᠠᠲᠤᠯᠠᠬᠤ ᠪᠠ ᠬᠥᠮᠦᠨ ᠤ ᠨᠢᠭᠤᠷ ᠢ ᠢᠯᠭᠠᠨ ᠲᠠᠨᠢᠬᠤ ᠠᠵᠢᠯ ᠢ ᠬᠢᠵᠦ ᠪᠠᠶᠢᠨ᠎ᠠ᠃ ᠤᠯᠠᠮ ᠨᠢᠭᠡ ᠠᠯᠬᠤᠮ ᠰᠢᠯᠢᠳᠡᠭᠵᠢᠭᠦᠯᠦᠭᠰᠡᠨ ᠤ ᠳᠠᠷᠠᠭ᠎ᠠ᠂ ᠬᠥᠯᠥᠰᠥᠯᠡᠭᠴᠢ ᠰᠦᠯᠵᠢᠶᠡᠨ ᠳᠡᠭᠡᠷ᠎ᠡ ᠤᠶᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠪᠠᠷ ᠬᠤᠪᠢ ᠲᠣᠭᠲᠠᠭᠠᠵᠤ ᠪᠤᠯᠤᠨ᠎ᠠ᠂ ᠰᠦᠯᠵᠢᠶᠡᠨ ᠥᠷᠲᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠥᠯᠥᠰᠥᠯᠡᠭᠴᠢ ᠶᠢᠨ ᠬᠠᠨᠤᠮᠵᠢ ᠶᠢᠨ ᠶᠠᠷᠤᠩᠬᠡᠢ  ᠪᠠᠶᠢᠳᠠᠯ ᠢ ᠦᠨᠳᠦᠰᠦᠯᠡᠨ᠂ ᠭᠡᠷ ᠠᠬᠤᠢ ᠶᠢᠨ ᠤᠶᠢᠯᠡᠴᠢᠯᠡᠭᠡᠨ ᠤ ᠡᠲᠡᠭᠡᠳ ᠲᠤ ᠣᠳᠣᠨ ᠲᠡᠰ ᠤᠨ ᠦᠨᠡᠯᠡᠨ ᠲᠣᠭᠲᠠᠭᠠᠯᠲᠠ ᠬᠢᠵᠦ᠂ ᠤᠶᠢᠯᠡᠴᠢᠯᠡᠭᠡᠨ ᠨᠢ ᠵᠢᠷᠤᠮᠵᠢᠯ ᠦᠭᠡᠢ᠂ ᠦᠨᠡᠨᠴᠢ ᠢᠲᠡᠭᠡᠮᠵᠢ ᠦᠭᠡᠢ ᠬᠥᠮᠦᠰ ᠲᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠢᠢᠤᠡᠭᠡᠯ ᠢ ᠬᠦᠴᠦᠨ ᠦᠭᠡᠢ ᠪᠣᠯᠭᠠᠬᠤ ᠬᠡᠷᠡᠭᠲᠡᠶ᠃ ᠣᠳᠣ ᠪᠣᠯᠲᠠᠯ᠎ᠠ᠂ ᠬᠠᠶᠢᠷᠤᠪ ᠤᠨ ᠲᠣᠬᠤᠢ ᠶᠢᠨ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠭᠡᠷ ᠠᠬᠤᠢ ᠶᠢᠨ ᠢᠲᠡᠭᠡᠮᠵᠢ ᠶᠢᠨ ᠰᠢᠰᠲ᠋ᠧᠮ ᠤᠨ ᠲᠠᠪᠴᠠᠩ ᠳᠤ ᠣᠷᠣᠭᠤᠯᠤᠭᠰᠠᠨ ᠭᠡᠷ ᠠᠬᠤᠢ ᠶᠢᠨ ᠠᠵᠤ ᠠᠬᠤᠶᠢᠯᠠᠯ 7᠂ ᠨᠡᠶᠢᠲᠡ 659 ᠬᠥᠮᠦᠨ ᠪᠤᠢ᠃     ᠳᠠᠷᠠᠭ᠎ᠠ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠢᠨ ᠭᠡᠷ ᠤᠨ ᠶᠠᠪᠤᠳᠠᠯ ᠤᠨ ᠦᠢᠯᠡᠴᠢᠯᠡᠭᠡᠨ ᠤ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠵᠦ᠂ ᠭᠡᠷ ᠠᠬᠤᠢ ᠶᠢᠨ ᠤᠶᠢᠯᠡᠴᠢᠯᠡᠭᠡᠨ ᠤ ᠠᠵᠢᠯ ᠡᠷᠬᠢᠯᠡᠭᠰᠡᠳ ᠪᠣᠯᠤᠨ ᠭᠡᠷ ᠪᠦᠯᠢ ᠶᠢᠨ ᠬᠡᠷᠡᠭᠯᠡᠭᠴᠢ ᠶᠢᠨ ᠬᠤᠤᠰ ᠴᠢᠭᠯᠡᠯᠲᠦ ᠰᠣᠩᠭᠤᠯᠲᠠ ᠳᠤ ᠯᠠᠪᠯᠠᠯᠲᠠ ᠬᠠᠩᠭᠠᠵᠤ᠂ ᠪᠦᠬᠦ ᠲᠤᠭᠤᠷᠢᠭ ᠤᠨ ᠭᠡᠷ ᠠᠬᠤᠢ ᠶᠢᠨ ᠤᠶᠢᠯᠡᠴᠢᠯᠡᠭᠡᠨ ᠤ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号