ᠬᠠᠶᠢᠷᠤᠪ ᠤᠨ ᠲᠣᠬᠤᠢ ᠲᠣᠭᠤᠷᠢᠭ 2020 ᠣᠨ ᠤ ᠪᠥᠬᠦ ᠲᠤᠭᠤᠷᠢᠭ ᠤᠨ ᠰᠠᠯᠠᠭᠠᠨ ᠤ ᠲᠠᠰ ᠤᠨ ᠡᠮᠡᠭᠲᠡᠶ ᠺᠠᠳ᠋ᠷ ᠤᠨ ᠪᠤᠯᠪᠠᠰᠤᠷᠠᠭᠤᠯᠤᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2020/11/23
     11 ᠳ᠋ᠦᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠳᠠᠭᠠᠭᠠᠨ ᠡᠷᠭᠢᠯᠡᠭᠰᠡᠨ ᠬᠠᠶᠢᠷᠤᠪ ᠤᠨ ᠲᠣᠬᠤᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ 2020 ᠣᠨ ᠤ ᠪᠥᠬᠦ ᠲᠤᠭᠤᠷᠢᠭ  ᠤᠨ ᠰᠠᠯᠠᠭᠠᠨ ᠤ ᠲᠠᠰ ᠤᠨ ᠡᠮᠡᠭᠲᠡᠶ ᠺᠠᠳ᠋ᠷ ᠢ ᠪᠣᠯᠪᠠᠰᠤᠷᠠᠭᠤᠯᠬᠤ ᠬᠤᠷᠠᠯ ᠲᠤᠭᠤᠷᠢᠭ ᠤᠨ ᠵᠠᠰᠠᠭ ᠤᠨ ᠣᠷᠳᠣᠨ ᠤ ᠶᠣᠰᠣᠯᠠᠯ ᠤᠨ ᠲᠠᠩᠬᠢᠮ ᠳᠤ ᠶᠠᠪᠤᠭᠳᠠᠪᠠ᠃
     ᠡᠮᠡᠭᠲᠡᠢᠴᠦᠳ ᠨᠡᠶᠢᠭᠡᠮ ᠤᠨ ᠬᠥᠭᠵᠢᠯᠲᠡ ᠶᠢᠨ ᠳᠤᠮᠳᠠ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ᠂ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠡᠮᠡᠭᠲᠡᠶᠢᠴᠦᠳ ᠤᠨ ᠲᠣᠭᠯᠠᠬᠤ ᠳᠦᠷᠢ ᠨᠢ ᠨᠡᠩ ᠴᠤ ᠤᠷᠤᠯᠵᠤ ᠪᠤᠯᠤᠰᠢ ᠦᠭᠡᠢ ᠶᠤᠮ᠂ ᠢᠯᠠᠩᠭᠤᠶ᠎ᠠ ᠭᠡᠷ ᠤᠨ ᠪᠠᠭᠰᠢ ᠶᠢᠨ ᠬᠥᠮᠦᠵᠢᠯ ᠪᠣᠯᠤᠨ ᠭᠡᠷ ᠤᠨ ᠰᠤᠷᠲᠠᠯ ᠤᠨ ᠤᠯᠠᠮᠵᠢᠯᠠᠯ ᠳᠤ ᠲᠦᠢᠯ ᠤᠨ ᠴᠢᠬᠤᠯᠠ ᠪᠠᠶᠢᠳᠠᠭ᠃ ᠶᠡᠷᠦᠩᠬᠡᠶ ᠱᠦᠵᠢ ᠰᠢ ᠶᠢᠨ ᠫᠢᠩ᠄ ︽ᠭᠡᠷ ᠪᠦᠯᠢ ᠪᠣᠯ ᠨᠡᠶᠢᠭᠡᠮ ᠤᠨ ᠦᠨᠳᠦᠰᠦᠨ ᠡᠰ ᠮᠥᠨ᠂ ᠬᠥᠮᠦᠨ ᠤ ᠠᠮᠢᠳᠤᠷᠠᠯ ᠤᠨ ᠠᠩᠬᠠᠨ ᠤ ᠰᠤᠷᠭᠠᠭᠤᠯᠢ ᠮᠥᠨ᠂ ᠴᠠᠭ ᠣᠶᠢᠶ᠎ᠠ ᠳᠤ ᠬᠡᠳᠦᠶ ᠶᠡᠭᠡ ᠬᠤᠪᠢᠷᠠᠯᠲᠠ ᠭᠠᠷᠤᠭᠰᠠᠨ ᠴᠤ ᠠᠮᠢᠳᠤᠷᠠᠯ ᠤᠨ ᠪᠠᠶᠢᠷᠢᠰᠢᠯ ᠳᠤ ᠬᠡᠳᠦᠶ ᠶᠡᠭᠡ ᠬᠤᠪᠢᠷᠠᠯᠲᠠ ᠭᠠᠷᠤᠭᠰᠠᠨ ᠴᠤ ᠪᠢᠳᠡ ᠴᠥᠮ ᠭᠡᠷ ᠪᠦᠯᠢ ᠶᠢᠨ  ᠪᠠᠶᠢᠭᠤᠯᠤᠯᠲᠠ ᠶᠢ ᠴᠢᠬᠤᠯᠠᠴᠢᠯᠠᠵᠤ᠂ ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠬᠥᠮᠦᠵᠢᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠶ᠃ ᠰᠠᠶᠢᠨ ᠰᠠᠶᠢᠬᠠᠨ ᠭᠡᠷ ᠤᠨ ᠰᠤᠷᠲᠠᠯ ᠪᠣᠯ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠪᠣᠳᠠᠲᠤ ᠢᠯᠡᠷᠡᠯ ᠮᠥᠨ᠂ ᠮᠥᠨ ᠴᠦ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠡᠶᠢᠮᠦ ᠠᠴᠠ ᠡᠮᠡᠭᠲᠡᠶᠢᠴᠦᠳ ᠲᠤ ᠰᠠᠶᠢᠨ ᠰᠠᠶᠢᠬᠠᠨ ᠭᠡᠷ ᠤᠨ ᠰᠤᠷᠲᠠᠯ ᠤᠨ ᠪᠣᠯᠪᠠᠰᠤᠷᠠᠯ ᠬᠢᠬᠦ ᠨᠢ ᠨᠡᠶᠢᠭᠡᠮ ᠤᠨ ᠬᠥᠭᠵᠢᠯᠲᠡ ᠳᠤ ᠠᠯᠤᠰ ᠬᠡᠳᠦ ᠶᠢᠨ ᠪᠥᠭᠡᠳ ᠤᠳᠠᠭᠠᠨ ᠳᠠᠭᠠᠭᠠᠮᠠᠭᠠᠶ ᠤᠶᠢᠯᠡᠳᠤᠯ ᠪᠠ ᠠᠴᠢ ᠬᠤᠯᠪᠣᠭᠳᠠᠯ ᠲᠠᠢ ᠶᠤᠮ᠃      ᠪᠣᠯᠪᠠᠰᠤᠷᠠᠯ ᠤᠨ ᠬᠤᠷᠠᠯ ᠳᠡᠭᠡᠷ᠎ᠡ᠂ ᠪᠠᠭᠰᠢ ᠶᠢ ᠪᠣᠯᠪᠠᠰᠤᠷᠠᠭᠤᠯᠬᠤ ︽ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ ᠰᠠᠶᠢᠨ ᠰᠠᠶᠢᠬᠠᠨ‌‍ᠭᠡᠷ ᠤᠨ ᠰᠤᠷᠲᠠᠯ ᠢ ᠪᠤᠶᠢᠵᠢᠭᠤᠯᠬᠤ︾᠎ ᠪᠠᠷ ᠭᠤᠤᠯ ᠰᠡᠳᠦᠪ ᠪᠣᠯᠭᠠᠵᠤ᠂ ᠭᠡᠷ ᠤᠨ ᠰᠤᠷᠲᠠᠯ ᠤᠨ ᠲᠦᠢᠮᠣᠴᠢᠯᠠᠯ᠂ᠭᠡᠷ ᠤᠨ ᠰᠤᠷᠲᠠᠯ ᠤᠨ ᠤᠯᠠᠮᠵᠢᠯᠠᠯ ᠤᠨ ᠠᠴᠢ ᠬᠤᠯᠪᠣᠭᠳᠠᠯ ᠵᠢᠴᠢ ᠰᠠᠶᠢᠨ ᠰᠠᠶᠢᠬᠠᠨ ᠭᠡᠷ ᠤᠨ ᠰᠤᠷᠲᠠᠯ ᠢ ᠬᠡᠷᠬᠢᠨ ᠪᠤᠶᠢᠵᠢᠭᠤᠯᠬᠤ ᠵᠡᠷᠭᠡ ᠲᠠᠯ᠎ᠠ ᠪᠠᠷ ᠨᠠᠷᠢᠨ ᠲᠣᠳᠣᠷᠬᠠᠶ ᠶᠠᠷᠢᠵᠠᠶ᠃ ᠡᠯᠪᠡᠭ ᠪᠠᠶᠠᠯᠢᠭ ᠲᠡᠦᠬᠡᠨ ᠪᠣᠳᠠᠲᠤ ᠬᠡᠷᠡᠭ ᠪᠠ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠨ ᠭᠡᠷ ᠪᠦᠯᠢ ᠶᠢᠨ ᠮᠠᠨᠳᠤᠯ ᠪᠠᠭᠤᠷᠠᠯ ᠂ ᠤᠯᠤᠰ ᠣᠷᠣᠨ ᠤ ᠬᠤᠪᠢ ᠵᠠᠶᠠᠭ᠎ᠠ ᠲᠠᠢ ᠬᠤᠯᠪᠣᠭᠳᠠᠬᠤ ᠬᠠᠷᠢᠴᠠᠭ᠎ᠠ ᠶᠢ ᠵᠠᠳᠠᠯᠵᠤ᠂ ᠲᠣᠪᠴᠢ ᠲᠣᠳᠣᠷᠠᠭᠤᠨ ᠦᠭᠡ ᠪᠠᠷ ᠥᠷᠭᠡᠨ ᠣᠯᠠᠨ ᠡᠮᠡᠭᠲᠡᠶ ᠺᠠᠳ᠋ᠷ ᠲᠤ ᠰᠠᠶᠢᠨ ᠰᠠᠶᠢᠬᠠᠨ ᠭᠡᠷ ᠤᠨ ᠰᠤᠷᠲᠠᠯ ᠤᠨ ᠤᠯᠤᠰ ᠪᠣᠯᠤᠨ ᠨᠡᠶᠢᠭᠡᠮ ᠤᠨ ᠬᠦᠭᠵᠢᠯᠲᠡ  ᠳᠤ ᠦᠵᠡᠭᠦᠯᠬᠦ ᠴᠢᠬᠤᠯᠠ ᠴᠢᠨᠠᠷ ᠢ ᠲᠠᠨᠢᠭᠤᠯᠬᠤ ᠶᠢᠨ ᠬᠠᠮᠲᠤ ᠥᠷᠭᠡᠨ ᠣᠯᠠᠨ ᠡᠮᠡᠭᠲᠡᠶ ᠺᠠᠳ᠋ᠷ ᠢ ᠵᠥᠪ ᠣᠨᠣᠪᠴᠢᠲᠠᠶ ᠬᠥᠮᠦᠨ ᠤ ᠠᠮᠢᠳᠤᠷᠠᠯ ᠤᠨ ᠥᠷᠲᠡᠭ ᠤᠨ ᠦᠵᠡᠯᠲᠡ ᠪᠠᠷ ᠳᠠᠮᠵᠢᠨ ᠭᠡᠷ ᠤᠨ ᠰᠤᠷᠲᠠᠯ ᠢ ᠪᠤᠶᠢᠵᠢᠭᠤᠯᠬᠤ ᠬᠡᠷᠡᠭᠲᠡᠶ᠃ ᠡᠭᠦᠨ ᠤ ᠤᠯᠠᠮ ᠠᠴᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠤᠷᠲᠠᠯ ᠢ ᠪᠤᠢ ᠪᠣᠯᠭᠠᠵᠤ᠂ ᠨᠠᠮ ᠤᠨ ᠰᠢᠯᠢᠳᠡᠭ ᠰᠠᠶᠢᠨ ᠰᠤᠷᠲᠠᠯ ᠤᠨ ᠪᠠᠶᠢᠭᠤᠯᠤᠯᠲᠠ ᠪᠠ ᠵᠠᠰᠠᠭ ᠤᠨ ᠰᠤᠷᠲᠠᠯ ᠤᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ᠃      ᠡᠨᠡ ᠤᠳᠠᠭᠠᠨ ᠤ ᠪᠣᠯᠪᠠᠰᠤᠷᠠᠯ ᠨᠢ ᠬᠥᠮᠦᠰ ᠢ ᠭᠦᠨ ᠪᠣᠳᠣᠯᠭᠠᠰᠢᠷᠠᠭᠤᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠡᠮᠡᠭᠲᠡᠶᠢᠴᠦᠳ ᠺᠠᠳ᠋ᠷ ᠲᠤ ᠭᠦᠨᠵᠡᠭᠡᠢ ᠰᠡᠩᠬᠡᠷᠡᠭᠦᠯᠦᠯ ᠪᠠ ᠵᠣᠷᠢᠭᠵᠢᠭᠤᠯᠤᠯ ᠣᠯᠭᠤᠵᠤ᠂ ᠥᠷᠭᠡᠨ ᠤᠯᠠᠨ ᠡᠮᠡᠭᠲᠡᠶᠢᠴᠦᠳ ᠨᠥᠬᠦᠳ ᠤᠨ ᠨᠢᠭᠡᠳᠦᠯᠲᠡᠢ ᠰᠠᠶᠢᠨ ᠦᠨᠡᠯᠡᠯᠲᠡ ᠶᠢ ᠤᠯᠪᠠ᠃ ᠣᠯᠠᠨ ᠢᠶᠠᠷ ᠢᠶᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ ᠪᠠᠷ ᠳᠠᠮᠵᠢᠨ ᠭᠡᠷ ᠪᠦᠯᠢ ᠶᠢ ᠨᠥᠯᠥᠭᠡᠯᠡᠵᠦ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠶᠢᠵᠢᠭᠤᠯᠵᠤ᠂ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠳᠤ ᠡᠮᠡᠭᠲᠡᠶᠢᠴᠦᠳ ᠤᠨ ᠦᠯᠢᠭᠡᠷ ᠳᠠᠭᠤᠷᠢᠶᠠᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号