11 ᠰᠠᠷ᠎ᠠ ᠶᠢᠨ 20 ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 204 ᠳ᠋ᠦᠭᠡᠷ ᠤᠳᠠᠭᠠᠨ ᠤ ︵ᠥᠷᠭᠡᠳᠬᠡᠭᠰᠡᠨ︶ ᠬᠤᠷᠠᠯ | ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾᠂ ᠶᠡᠷᠦᠩᠬᠡᠶ ᠱᠦᠵᠢ | ᠰᠢ ᠶᠢᠨ ᠫᠢᠩ ᠤᠨ ᠰᠠᠨᠠᠭᠤᠯᠭ᠎ᠠ ᠶᠢᠨ ᠲᠤᠳᠤᠷᠬᠠᠶᠢᠯᠠᠯᠲᠠ᠂ ᠶᠡᠷᠦᠩᠬᠡᠶ ᠱᠦᠵᠢ ᠰᠢ ᠶᠢᠨ ᠫᠢᠩ ᠤᠨ ᠫᠦᠳᠦ᠋ᠩ ᠢ | ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶ᠎ᠠ ᠪᠠ ᠵᠢᠶᠠᠩᠰᠦ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ | ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠪᠦᠬᠦ ᠬᠤᠲᠠ ᠶᠢᠨ ᠲᠣᠰᠬᠤᠨ ᠤ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ 11 ᠳ᠋ᠦᠭᠡᠷ | ᠰᠠᠷ᠎ᠠ ᠶᠢᠨ 3 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠦᠷᠢᠶᠠᠨ ᠤ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠲᠤᠰᠬᠠᠶ ᠴᠡᠭᠴᠡᠯᠡᠨ ᠵᠠᠰᠠᠬᠤ ᠬᠠᠷᠢᠭᠤ ᠮᠡᠳᠡᠭᠦᠯᠬᠦ | ᠬᠤᠷᠠᠯ ᠤᠨ ᠬᠤᠷᠠᠯ ᠤᠨ ᠵᠣᠷᠢᠭ ᠰᠠᠨᠠᠭ᠎ᠠ᠂ ︽ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠶᠠᠰᠤ ᠴᠢᠨᠠᠷ ᠢ ᠦᠨᠡᠨ ᠬᠦ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠃ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠤᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ | ᠪᠠᠶᠢᠴᠠᠭᠠᠬᠤ ᠳᠤᠭᠤᠶᠢᠯᠠᠩ ᠮᠠᠨ ᠤ ᠲᠤᠭᠤᠷᠢᠭ ᠲᠤ ᠭᠦᠨᠵᠡᠭᠡᠶᠢᠷᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠵᠢᠭᠠᠵᠤ ᠭᠠᠷᠭᠠᠭᠰᠠᠨ ᠠᠰᠠᠭᠤᠳᠠᠯ ᠪᠠ | ᠬᠠᠶᠢᠷᠤᠪ ᠤᠨ ᠲᠣᠬᠤᠶ ᠲᠣᠭᠤᠷᠢᠭ ᠤᠨ ᠥᠪᠡᠷᠲᠡᠭᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠦᠬᠠᠶ ᠬᠤᠲᠠ ᠶᠢᠨ | ᠬᠠᠶᠢᠷᠤᠪ ᠤᠨ ᠲᠣᠬᠤᠢ ᠲᠣᠭᠤᠷᠢᠭ ᠤᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠲᠤᠰᠬᠠᠶ ᠴᠡᠭᠴᠡᠯᠡᠨ ᠵᠠᠰᠠᠬᠤ ᠲᠥᠰᠦᠯ︾ ᠢ ᠰᠤᠳᠤᠯᠤᠨ ᠬᠢᠨᠠᠨ ᠵᠥᠪᠯᠡᠨ᠎ᠡ᠃ | ᠴᠢ ᠹᠸᠢ ᠶᠦᠨ ᠴᠢᠬᠤᠯᠠᠴᠢᠯᠠᠭᠰᠠᠨ ᠨᠢ᠂ ᠬᠠᠶᠢᠷᠤᠪ ᠤᠨ ᠲᠣᠬᠤᠶ ᠲᠣᠭᠤᠷᠢᠭ ᠨᠢ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ︽ᠰᠠᠨᠠᠭᠤᠯᠭ᠎ᠠ︾ ᠲᠠᠢ | ᠬᠠᠷᠢᠴᠠᠭᠤᠯᠤᠨ᠂ ᠰᠡᠳᠬᠢᠯ ᠵᠢᠷᠦᠬᠡᠨ ᠳᠤ ᠬᠠᠳᠠᠩᠰᠢᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠶᠢᠷᠤᠪ ᠤᠨ | ᠲᠣᠬᠤᠢ ᠲᠤᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠣᠭᠲᠠᠭᠠᠨ᠎ᠠ᠃ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ | ᠤᠶᠠᠯᠳᠤᠭᠤᠯᠤᠨ᠂ ᠰᠤᠷᠤᠯᠴᠠᠨ ᠤᠬᠠᠭᠤᠯᠬᠤ ᠪᠠ ᠣᠨᠣᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠦᠨᠡᠨᠬᠦ | ᠰᠠᠶᠢᠲᠤᠷ ᠬᠢᠵᠦ᠂ ᠡᠯ᠎ᠡ ᠨᠢᠭᠡᠴᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ | ᠬᠠᠷᠢᠴᠠᠭᠤᠯᠬᠤ ᠬᠡᠷᠡᠭᠲᠡᠶ᠃ ᠲᠣᠰᠬᠤᠨ ᠤ ᠬᠤᠶᠠᠷ ᠵᠥᠪᠯᠡᠯ ᠤᠨ ᠴᠢᠳᠠᠪᠤᠷᠢᠲᠠᠨ ᠰᠣᠩᠭᠤᠬᠤ ᠠᠵᠢᠯ ᠢ ᠨᠠᠷᠢᠨ | ᠬᠢᠨᠠᠮᠠᠭᠠᠶ ᠥᠷᠨᠢᠭᠦᠯᠵᠦ᠂ ᠦᠨᠡᠨ ᠬᠦ ᠬᠢᠬᠦ᠂ ᠪᠣᠳᠠᠲᠠᠢ ᠬᠢᠬᠦ᠂ ᠬᠢᠵᠦ ᠴᠢᠳᠠᠬᠤ ᠴᠢᠳᠠᠪᠤᠷᠢᠲᠠᠨ ᠢ ᠰᠣᠩᠭᠤᠨ | ᠬᠡᠷᠡᠭᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠳᠤ ᠦᠨᠡᠨᠬᠦ ᠬᠦᠴᠦᠨ ᠨᠡᠮᠡᠷᠢᠯᠡᠨ᠎ᠡ᠃ ᠬᠠᠮᠢᠶ᠎ᠠ ᠪᠦᠬᠦᠢ ᠪᠠᠶᠢᠭᠤᠯᠭ᠎ᠠ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ | ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ | ᠪᠠᠳᠤᠯᠠᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠨᠢᠭᠡᠴᠡ ᠨᠦᠭᠦᠳ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ᠂ ᠦᠨᠡᠨ ᠠᠴᠠ ᠵᠥᠪ ᠢ ᠡᠷᠢᠵᠦ᠂ ᠠᠭᠤᠷᠬᠠᠢ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠵᠠᠰᠠᠬᠤ ᠠᠵᠢᠯ ᠢ ᠰᠠᠶᠢᠲᠤᠷ ᠬᠢᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ | ᠪᠡᠶᠡᠯᠡᠭᠦᠯᠦᠨ᠎ᠡ᠃ ᠡᠯ᠎ᠡ ᠨᠢᠭᠡᠴᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ | ᠠᠬᠤᠶᠢᠯᠠᠯ ᠤᠨ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠤᠡᠪᠤᠷᠢᠯᠡᠵᠤ᠂ | ᠬᠠᠶᠢᠷᠤᠪ ᠤᠨ ᠲᠣᠬᠤᠢ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠨᠬᠦ | ᠰᠢᠯᠢᠳᠡᠭᠵᠢᠭᠦᠯᠤᠨ᠎ᠡ᠃ |