ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ ᠱᠢ ᠸᠠᠨ ᠵᠢᠶᠦ᠋ᠨ ᠶᠠᠷᠢᠶ᠎ᠠ ᠲᠠᠯᠪᠢᠵᠤ ᠲᠠᠩ ᠢ ᠬᠤᠷᠠᠯ ᠢ ᠡᠷᠬᠢᠯᠡᠵᠦ ᠬᠠᠨ ᠬᠦᠸᠧ ᠦ᠋ ᠸᠠᠩ ᠸᠧᠨ ᠵᠢᠶᠧ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/11/24
     11 ᠰᠠᠷ᠎ᠠ ᠶᠢᠨ 21᠎ ᠤ ᠡᠳᠦᠷ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠳᠠᠬᠢᠨ ᠪᠠᠢᠷᠢᠯᠠᠭᠤᠯᠤᠯᠲᠠ ᠬᠢᠵᠦ᠂ ᠳᠠᠬᠢᠨ ᠠᠭᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠢᠴᠢ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠡᠰᠡᠭ ᠰᠠᠯᠠᠭ᠎ᠠ ᠮᠥᠴᠢᠷ ᠨᠢᠭᠡᠴᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠬᠡᠷᠬᠢᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠠᠨᠢᠯᠳᠠ᠂ ᠠᠷᠭ᠎ᠠ ᠬᠡᠮᠵᠢᠶ᠎ᠡ ᠳᠤᠷᠠᠳᠴᠤ᠂ ᠠᠮᠠᠯᠠᠯᠲᠠ ᠬᠢᠵᠡᠶ᠃ ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠨᠢ ᠭᠠᠵᠠᠷ ᠣᠷᠣᠨ ᠤ ᠠᠯᠤᠰ ᠬᠡᠳᠦ ᠶᠢᠨ ᠬᠥᠭᠵᠢᠯᠲᠡ ᠪᠣᠯᠤᠨ ᠪᠠᠶᠢᠳᠣᠬᠤ ᠪᠣᠳᠣᠯᠭ᠎ᠠ ᠶᠢᠨ ᠪᠦᠬᠦ ᠲᠠᠯ᠎ᠠ ᠳᠤ ᠬᠤᠯᠪᠣᠭᠳᠠᠵᠤ᠂ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠶᠢᠨ ᠬᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠤᠯᠤᠨ ᠪᠣᠳᠠᠲᠤ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠲᠡᠭᠦᠨ ᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠠᠵᠠ ᠲᠣᠬᠢᠶᠠᠯ ᠴᠢᠬᠤᠯᠠ ᠪᠠᠶᠢᠷᠢᠨ ᠳᠤ ᠲᠠᠯᠪᠢᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠪᠤᠳᠠᠳᠠᠢ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠬᠦ ᠬᠡᠷᠡᠭᠳᠡᠢ ᠬᠡᠵᠡᠢ᠃       ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠨᠢᠭᠡᠳᠦᠯᠲᠡᠶ ᠲᠥᠯᠥᠪᠯᠡᠨ ᠲᠥᠯᠥᠪᠯᠡᠬᠦ ᠶᠢ ᠴᠢᠬᠤᠯᠠᠴᠢᠯᠠᠵᠤ᠂ ᠠᠵᠢᠯ ᠤᠨ ᠬᠦᠴᠦᠯᠡᠬᠦ ᠴᠡᠭ ᠢ ᠡᠵᠡᠮᠳᠡᠵᠦ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠷᠢᠯᠢᠭ ᠣᠨᠣᠴᠠᠲᠠᠶ ᠪᠦᠲᠦᠮᠵᠢᠲᠡᠶ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠣᠲᠣᠨᠣ ᠴᠢᠬᠡᠴᠢ ᠵᠠᠰᠠᠭ ᠤᠨ ᠬᠠᠷᠢᠴᠠᠭ᠎ᠠ ᠶᠢ ᠢᠳᠡᠪᠬᠢᠲᠡᠶ ᠪᠠᠶᠢᠭᠤᠯᠵᠤ᠂ ᠬᠥᠭᠵᠢᠯᠲᠡ ᠶᠢᠨ ᠡᠯᠧᠮᠧᠨ᠋ᠲ ᠤᠨ ᠪᠠᠲᠤᠯᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠪᠠᠶᠢᠴᠠᠭᠠᠵᠤ ᠦᠪᠡᠷ ᠢᠶᠠᠨ ᠵᠠᠯᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠬᠠᠮᠤᠭ ᠤᠨ ᠰᠡᠭᠦᠯᠴᠢ ᠶᠢᠨ ᠨᠢᠭᠡ ᠺᠢᠯᠤᠮᠧᠳ᠋ᠷ ᠢ ᠬᠦᠴᠦᠯᠡᠨ ᠨᠡᠪᠲᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠬᠦ ᠬᠡᠷᠡᠭᠳᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ᠂ ᠬᠢᠨᠠᠯᠲᠠ ᠲᠠᠯᠪᠢᠵᠤ ᠰᠢᠯᠭᠠᠨ ᠬᠢᠨᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠥᠮᠦᠨ ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠮᠥᠨ᠂ ᠣᠯᠠᠨ ᠪᠦᠬᠦᠳᠡᠭᠡᠷ ᠢᠶᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠪᠠᠷ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠡᠢ᠃ ᠳᠠᠩ ᠢ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ︽ᠬᠢᠲᠤᠭᠠᠨ ᠢᠷ ᠢ ᠳᠣᠲᠣᠭᠰᠢ ᠬᠠᠨᠳᠤᠭᠤᠯᠬᠤ︾ ᠡᠷᠡᠰ ᠵᠣᠷᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ︾ ᠰᠡᠳᠬᠢᠬᠦᠶ ᠪᠠᠷ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ︽ᠥᠨᠢᠳᠡ ᠵᠤᠭᠰᠣᠰᠢ ᠥᠬᠡᠶ ᠪᠠᠶᠢᠬᠤ︾᠎ ᠪᠠᠷ ᠦᠢᠯᠡᠴᠢᠯᠡᠭᠡ ᠪᠠᠨ ᠰᠢᠯᠢᠳᠡᠭᠵᠢᠭᠦᠯᠬᠦ᠂ ︽ᠬᠠᠷᠢᠯᠴᠠᠨ ᠬᠤᠯᠪᠤᠭᠠᠯᠠᠵᠤ ᠬᠠᠮᠲᠤ ᠪᠠᠷ ᠡᠳ᠋ᠯᠡᠬᠦ︾ ᠰᠡᠳᠬᠢᠮᠵᠢ ᠪᠠᠷ ᠴᠤᠪᠤᠷᠠᠯ ᠢ ᠰᠢᠯᠢᠳᠡᠭᠵᠢᠭᠦᠯᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠲᠠᠯ᠎ᠠ ᠪᠠᠷ ︽ᠬᠠᠰᠤᠬᠤ ᠠᠷᠭ᠎ᠠ︾᠂ ᠥᠨᠳᠥᠷ ᠪᠦᠲᠦᠮᠵᠢᠲᠡᠶ ᠬᠠᠮᠵᠢᠯᠴᠠᠬᠤ ᠲᠠᠯ᠎ᠠ ᠪᠠᠷ ︽ᠦᠷᠡᠵᠢᠭᠦᠯᠬᠦ ᠠᠷᠭ᠎ᠠ︾᠎ ᠶᠢ ᠰᠠᠶᠢᠲᠤᠷ ᠬᠢᠬᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠲᠠᠯ᠎ᠠ ᠪᠠᠷ ︽ᠨᠡᠮᠡᠬᠦ ᠠᠷᠭ᠎ᠠ︾᠎ ᠶᠢ ᠰᠠᠶᠢᠲᠤᠷ ᠬᠢᠬᠦ ᠪᠠᠷ ᠴᠢᠷᠮᠠᠶᠢᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠭᠦᠢᠴᠡᠳ ᠨᠢᠭᠲᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠰᠢᠨ᠎ᠡ ᠬᠤᠪᠢᠷᠠᠯᠳᠠ ᠲᠠᠢ᠂ ᠬᠥᠭᠵᠢᠯᠲᠡ ᠶᠢᠨ ᠬᠠᠨᠳᠣᠰᠢ ᠰᠢᠨ᠎ᠡ ᠪᠠᠶᠢᠳᠠᠯ ᠲᠠᠢ ᠪᠤᠯᠬᠤ ᠶᠢ ᠠᠬᠢᠭᠤᠯᠬᠤ ᠬᠡᠷᠡᠭᠳᠡᠢ ᠬᠡᠵᠡᠢ᠃    
 
ᠢᠷᠡᠯᠲᠡ᠄ ᠦᠬᠠᠢ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号