ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ 14 ᠳ᠋ᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/24
     11 ᠰᠠᠷ᠎ᠠ ᠶᠢᠨ 22᠎ ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2020 ᠤᠨ ᠤ 14 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠤᠯᠠᠮᠵᠢᠯᠠᠨ‌‍ᠰᠤᠷᠤᠯᠴᠠᠪᠠ᠃ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠪᠢᠴᠢᠭ ᠮᠠᠲᠧᠷᠢᠶᠠᠯ ᠤᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠴᠢ ᠹᠸᠢ ᠶᠦᠨ ᠵᠢᠭᠠᠵᠤ ᠭᠠᠷᠭᠠᠭᠰᠠᠨ ᠨᠢ᠂ ᠬᠠᠶᠢᠷᠤᠪ ᠤᠨ ᠲᠣᠬᠤᠢ ᠲᠤᠭᠤᠷᠢᠭ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ‌ᠠᠵᠢᠯᠯᠠᠭ᠎ᠠ ᠶᠢᠨ ᠤᠬᠠᠮᠰᠠᠷ ᠢᠶᠠᠨ ᠨᠡᠮᠡᠭᠳᠡᠭᠦᠯᠵᠦ᠂ ᠦᠨᠳᠦᠰᠦᠲᠡᠨ ᠤ ᠠᠵᠢᠯ ᠢ ᠥᠪᠡᠷ ᠤᠨ ᠠᠵᠢᠯ ᠤᠨ ᠢᠶᠠᠨ ᠴᠢᠬᠤᠯᠠ ᠬᠡᠰᠡᠭ ᠪᠣᠯᠭᠠᠬᠤ ᠬᠡᠷᠡᠭᠲᠡᠶ᠃ ᠳᠡᠷᠭᠡᠳᠡᠬᠢ ᠬᠥᠮᠦᠰ ᠢᠶᠠᠨ ᠳᠠᠶᠢᠴᠢᠯᠠᠬᠤ︔ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠵᠢᠴᠢ ᠤᠯᠤᠰ ᠲᠥᠷᠥ ᠶᠢᠨ ᠬᠥᠮᠦᠵᠢᠯ ᠢ‌ᠥᠷᠭᠡᠨ ᠳᠡᠯᠭᠡᠷ ᠥᠷᠨᠢᠭᠦᠯᠵᠦ᠂ ᠬᠠᠶᠢᠷᠤᠪ ᠎ ᠤᠨ ᠲᠣᠬᠤᠢ ᠲᠤᠭᠤᠷᠢᠭ ᠤᠨ ᠦᠨᠳᠦᠰᠦᠲᠡᠨ ᠨᠦᠭᠦᠳ ᠤᠨ ᠺᠠᠲᠡᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠤᠯᠤᠰ ᠲᠥᠷᠥ ᠶᠢᠨ ᠦᠵᠡᠯᠲᠡ᠂ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠤᠯᠤᠰ ᠤᠨ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号