ᠲᠠᠮᠠᠭ᠎ᠠ ᠲᠠᠷᠣᠭᠰᠠᠨ ᠦᠭᠡᠢ ᠬᠦᠢᠴᠡᠳᠬᠡᠭᠰᠡᠨ ᠭᠡᠷ᠎ᠡ ᠨᠢ ᠬᠠᠣᠯᠢ ᠴᠠᠭᠠᠵᠠ ᠶᠢᠨ ᠬᠦᠴᠦᠨ ᠲᠠᠢ ᠦᠦ︖
ᠨᠡᠶᠢᠲᠡᠯᠡᠭᠰᠡᠨ ᠴᠠᠭ᠄
2020/11/25
   ᠲᠠᠮᠠᠭ᠎ᠠ ᠲᠠᠷᠣᠭᠰᠠᠨ ᠦᠭᠡᠢ ᠬᠦᠢᠴᠡᠳᠬᠡᠭᠰᠡᠨ ᠭᠡᠷ᠎ᠡ ᠨᠢ ᠬᠠᠣᠯᠢ ᠴᠠᠭᠠᠵᠠ ᠶᠢᠨ ᠬᠦᠴᠦᠨ ᠲᠠᠢ ᠦᠦ︖      ᠵᠢᠱᠢᠶ᠎ᠡ ᠬᠡᠷᠡᠭ᠄ ᠢᠲᠡᠭᠡᠯᠲᠣ ᠠᠷᠠᠯᠵᠢᠶᠠᠨ ᠤ ᠺᠣᠮᠫᠠᠨᠢ ᠠᠵᠢᠯᠯᠠᠬᠤ ᠠᠰᠠᠷ ᠢᠶᠠᠨ ᠨᠡᠶᠢᠲᠡᠮ ᠳᠤ ᠨᠢ ᠴᠡᠪᠡᠷᠯᠡᠬᠦ ᠪᠠᠷ ᠲᠣᠭᠲᠠᠵᠦ᠂ ᠡᠷᠲᠡᠨᠢ ᠴᠡᠪᠡᠷᠯᠡᠵᠦ ᠠᠷᠢᠭᠤᠳᠬᠠᠬᠤ ᠺᠤᠮᠫᠠᠨᠢ ᠲᠠᠭᠠᠭᠠᠴᠢᠯᠠᠵᠦ ᠠᠪᠤᠭᠠᠳ᠂ ᠬᠤᠶᠠᠷ ᠲᠠᠯ᠎ᠠ ᠪᠠᠷ ᠢᠶᠠᠨ ᠨᠢᠭᠡ ᠭᠠᠷᠠᠭ ᠤᠨ ᠲᠣᠲᠣᠷ᠎ᠠ ᠴᠡᠪᠡᠷᠯᠡᠵᠦ ᠲᠠᠭᠤᠰᠬᠠᠨ᠎ᠠ᠂ ᠴᠡᠪᠡᠷᠯᠡᠵᠦ ᠲᠠᠭᠤᠰᠣᠮᠠᠬᠴᠠ ᠵᠣᠭᠤᠰ ᠢ ᠨᠢ ᠦᠭᠬᠦᠨ᠎ᠡ ᠭᠡᠵᠦ ᠶᠠᠷᠢᠯᠴᠠᠵᠦ ᠲᠣᠭᠲᠠᠵᠠᠢ᠃ ᠵᠠᠯᠭᠠᠭᠠᠳ ᠡᠷᠲᠡᠨᠢ ᠴᠡᠪᠡᠷᠯᠡᠵᠦ ᠠᠷᠢᠭᠤᠳᠬᠠᠬᠤ ᠺᠣᠮᠫᠠᠨᠢ ᠬᠡᠯᠡᠯᠴᠡᠵᠦ ᠲᠣᠭᠲᠠᠭᠰᠠᠨ ᠶᠣᠰᠣᠭᠠᠷ ᠴᠡᠪᠡᠷᠯᠡᠵᠦ ᠠᠷᠢᠭᠤᠳᠬᠠᠬᠤ ᠭᠡᠷ᠎ᠡ ᠵᠣᠬᠢᠶᠠᠨ ᠲᠠᠮᠠᠭ᠎ᠠ ᠪᠠᠨ ᠲᠠᠷᠣᠬᠤ ᠶᠢᠨ ᠬᠠᠮᠲᠣ ᠢᠲᠡᠭᠡᠯᠲᠣ ᠠᠷᠠᠯᠵᠢᠶᠠᠨ ᠤ ᠺᠣᠮᠫᠠᠨᠢ ᠳᠤ ᠬᠤᠶᠠᠷ ᠬᠤᠪᠢ ᠬᠦᠷᠭᠡᠵᠦ ᠲᠠᠮᠠᠭ᠎ᠠ ᠲᠠᠷᠣᠭᠤᠯᠬᠤ ᠪᠠᠷ ᠪᠣᠯᠪᠠ᠃ ᠭᠡᠲᠡᠯ᠎ᠡ ᠢᠲᠡᠭᠡᠯᠲᠣ ᠠᠷᠠᠯᠵᠢᠶᠠᠨ ᠤ ᠺᠣᠮᠫᠠᠨᠢ ᠶᠢᠨ ᠲᠠᠮᠠᠭ᠎ᠠ ᠬᠠᠮᠢᠶᠠᠷᠲᠠᠭ ᠠᠵᠢᠯᠲᠠᠨ ᠨᠢ ᠭᠠᠲᠠᠭᠰᠢ ᠭᠠᠷᠣᠭᠰᠠᠨ ᠠᠴᠠ ᠪᠣᠯᠵᠤ ᠲᠠᠮᠠᠭ᠎ᠠ ᠲᠠᠷᠣᠵᠦ ᠴᠢᠲᠠᠭᠰᠠᠨ ᠦᠭᠡᠢ᠃ ᠡᠬᠦᠨ ᠳᠤ ᠢᠲᠡᠭᠡᠯᠲᠣ ᠠᠷᠠᠯᠵᠢᠶᠠᠨ ᠤ ᠺᠣᠮᠫᠠᠨᠢ ᠶᠢᠨ ᠬᠠᠷᠢᠢᠭᠤᠴᠠᠯᠭᠠᠲᠠᠨ ᠨᠢ ᠣᠷᠢᠲᠠᠪᠠᠷ ᠠᠵᠢᠯ ᠢ ᠪᠠᠷᠠᠭᠠᠴᠢᠬ᠎ᠠ᠂ ᠲᠠᠷᠠᠭ᠎ᠠ ᠪᠠᠷ ᠲᠠᠮᠠᠭ᠎ᠠ ᠪᠠᠨ ᠨᠦᠬᠦᠵᠦ ᠲᠠᠷᠣᠵᠦ ᠦᠭᠬᠦᠶ᠎ᠡ ᠭᠡᠪᠡ᠃ ᠢᠩᠬᠢᠭᠡᠳ ᠡᠷᠲᠡᠨᠢ ᠴᠡᠪᠡᠷᠯᠡᠵᠦ ᠠᠷᠢᠭᠤᠳᠬᠠᠬᠤ ᠺᠤᠮᠫᠠᠨᠢ ᠪᠣᠯᠵᠤᠭ᠎ᠠ ᠶᠣᠰᠣᠭᠠᠷ ᠨᠢᠭᠡ ᠭᠠᠷᠠᠭ ᠤᠨ ᠲᠣᠲᠣᠷ᠎ᠠ ᠪᠦᠬᠦ ᠠᠵᠢᠯ ᠢ ᠬᠢᠵᠦ ᠲᠠᠭᠤᠰᠬᠠᠪᠠ᠃ ᠭᠡᠲᠡᠯ᠎ᠡ ᠰᠡᠬᠦᠯ ᠳᠤ ᠨᠢ ᠢᠲᠡᠭᠡᠯᠲᠣ ᠠᠷᠠᠯᠵᠢᠶᠠᠨ ᠤ ᠺᠣᠮᠫᠠᠨᠢ ᠲᠡᠲᠡ ᠭᠡᠷ᠎ᠡ ᠳᠤ ᠲᠠᠮᠠᠭ᠎ᠠ ᠲᠠᠷᠣᠭᠰᠠᠨ ᠦᠭᠡᠢ ᠭᠡᠲᠡᠭ ᠰᠢᠯᠲᠠᠭ ᠢᠶᠠᠷ ᠦᠭᠡ ᠪᠠᠨ ᠮᠡᠯᠵᠢᠵᠦ ᠵᠣᠭᠤᠰ ᠦᠭᠬᠦ ᠦᠭᠡᠢ ᠪᠣᠯᠪᠠ᠃ ᠲᠡᠭᠡᠪᠡᠯ ᠲᠠᠮᠠᠭ᠎ᠠ ᠲᠠᠷᠣᠭᠰᠠᠨ ᠦᠭᠡᠢ ᠪᠠᠶᠢᠲᠠᠯ ᠲᠣᠣᠷ᠎ᠠ ᠨᠢᠭᠡᠨᠲᠡ ᠬᠦᠢᠴᠡᠳᠬᠡᠭᠰᠡᠨ ᠭᠡᠷ᠎ᠡ ᠨᠢ ᠬᠠᠣᠯᠢ ᠴᠠᠭᠠᠵᠠ ᠶᠢᠨ ᠬᠦᠴᠦᠨ ᠲᠠᠢ ᠪᠣᠯᠬᠤ ᠦᠦ︖      ᠵᠠᠲᠠᠯᠣᠯᠲᠠ᠄ ᠲᠣᠰ ᠭᠡᠷ᠎ᠡ ᠬᠠᠣᠯᠢ ᠶᠢᠨ ᠬᠦᠴᠦᠨ ᠲᠠᠢ᠃ ︽ᠭᠡᠷ᠎ᠡ ᠶᠢᠨ ᠬᠠᠣᠯᠢ︾᠎ ᠶᠢᠨ ᠭᠤᠴᠢᠨ ᠵᠢᠷᠭᠤᠲᠣᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠪᠢᠴᠢᠭ ᠤᠨ ᠬᠡᠯᠪᠡᠷᠢ ᠶᠢ ᠬᠡᠷᠡᠭᠯᠡᠨ ᠭᠡᠷ᠎ᠡ ᠲᠣᠭᠲᠠᠴᠢᠬᠠᠭᠠᠳ᠂ ᠨᠢᠭᠡ ᠲᠠᠯ᠎ᠠ ᠨᠢ ᠭᠠᠷ ᠤᠨ ᠦᠰᠦᠭ ᠵᠢᠷᠣᠭᠰᠠᠨ ᠦᠭᠡᠢ ᠪᠣᠶᠣ ᠲᠠᠮᠠᠭ᠎ᠠ ᠲᠠᠷᠣᠭᠰᠠᠨ ᠦᠭᠡᠢ᠂ ᠬᠠᠷᠢᠨ ᠨᠦᠬᠦᠭᠡ ᠲᠠᠯ᠎ᠠ ᠨᠢ ᠭᠡᠷ᠎ᠡ ᠶᠢᠨ ᠭᠤᠣᠯ ᠠᠭᠤᠯᠭ᠎ᠠ ᠶᠢ ᠨᠢᠭᠡᠨᠲᠡ ᠬᠦᠢᠴᠡᠳᠬᠡᠭᠰᠡᠨ ᠪᠠᠶᠢᠪᠠᠯ᠂ ᠲᠣᠰ ᠭᠡᠷ᠎ᠡ ᠬᠦᠴᠦᠨ ᠲᠠᠢ ᠪᠣᠯᠣᠨ᠎ᠡ᠃ ᠪᠣᠲᠠᠲᠣ ᠠᠮᠢᠲᠣᠷᠠᠯ ᠤᠨ ᠲᠣᠮᠲᠠ᠂ ᠨᠢᠭᠡ ᠲᠠᠯ᠎ᠠ ᠶᠢᠨ ᠲᠣᠬᠠᠢ ᠶᠢᠨ ᠬᠦᠮᠦᠨ ᠨᠢ ᠵᠦᠢᠯ ᠤᠨ ᠰᠢᠯᠲᠠᠭᠠᠨ ᠠᠴᠠ ᠪᠣᠯᠵᠤ ᠴᠠᠭ ᠲᠣᠬᠠᠢ ᠳᠤ ᠨᠢ ᠭᠠᠷ ᠤᠨ ᠦᠰᠦᠭ ᠵᠢᠷᠣᠵᠦ ᠠᠮᠵᠢᠬᠤ ᠦᠭᠡᠢ ᠪᠦᠭᠡᠳ ᠭᠡᠷ᠎ᠡ ᠶᠢ ᠲᠠᠷᠦ᠋ᠢᠬᠠᠨ ᠬᠦᠢᠴᠡᠳᠬᠡᠬᠦ ᠴᠢᠬᠤᠯᠨ ᠲᠠᠢ ᠪᠠᠶᠢᠲᠠᠯ ᠦᠨᠡᠩᠬᠦ ᠣᠷᠣᠰᠢᠲᠠᠭ᠃ ᠡᠨ᠋ᠨ ᠦᠶ᠎ᠡ ᠳᠤ ᠨᠢᠭᠡ ᠲᠠᠯ᠎ᠠ ᠶᠢᠨ ᠲᠣᠬᠠᠢ ᠶᠢᠨ ᠬᠦᠮᠦᠨ ᠨᠢ ᠭᠡᠷ᠎ᠡ ᠶᠢ ᠨᠢᠭᠡᠨᠲᠡ ᠬᠦᠢᠴᠡᠳᠭᠡᠭᠰᠡᠨ ᠪᠠᠶᠢᠲᠠᠯ᠎ᠠ ᠨᠦᠬᠦᠭᠡ ᠲᠠᠯ᠎ᠠ ᠶᠢᠨ ᠲᠣᠬᠠᠢ ᠶᠢᠨ ᠬᠦᠮᠦᠨ ᠨᠢ ᠬᠠᠷᠢᠨ ᠵᠠᠬ᠎ᠠ ᠲᠡᠯᠭᠡᠬᠦᠷ ᠤᠨ ᠬᠤᠪᠢᠷᠠᠯᠲᠠ ᠶᠢ ᠵᠠᠪᠰᠢᠬᠤ ᠶᠢ ᠪᠣᠲᠣᠵᠦ᠂ ᠭᠡᠷ᠎ᠡ ᠳᠤ ᠭᠠᠷ ᠤᠨ ᠦᠰᠦᠭ ᠵᠢᠷᠣᠭᠰᠠᠨ ᠦᠭᠡᠢ ᠪᠣᠶᠣ ᠲᠠᠮᠠᠭ᠎ᠠ ᠲᠠᠷᠣᠭᠰᠠᠨ ᠦᠭᠡᠢ ᠭᠡᠬᠦ ᠰᠢᠯᠲᠠᠭ ᠢᠶᠠᠷ ᠭᠡᠷ᠎ᠡ ᠶᠢ ᠴᠣᠴᠠᠯᠬᠤ ᠡᠰᠡᠬᠦᠯ᠎ᠡ ᠭᠡᠷ᠎ᠡ ᠪᠠᠶᠢᠭᠤᠯᠣᠬᠲᠠᠬᠰᠠᠨ ᠢ ᠮᠡᠲᠡᠷᠡᠬᠦ ᠦᠭᠡᠢ ᠪᠠᠶᠢᠲᠠᠯ ᠴᠦ ᠭᠠᠷᠲᠠᠭ᠃ ᠡᠨᠡᠬᠦ ᠪᠠᠶᠢᠲᠠᠯ ᠳᠤ᠂ ᠬᠠᠣᠯᠢ ᠴᠠᠭᠠᠵᠠ ᠨᠢ ᠡᠷᠭᠡ ᠲᠡᠭᠰᠢ ᠲᠦᠪ ᠭᠤᠣᠯᠴᠢ ᠪᠠ ᠰᠣᠯᠢᠯᠴᠠᠭ᠎ᠠ ᠶᠢ ᠵᠣᠷᠢᠭᠵᠢᠭᠤᠯᠬᠤ ᠵᠠᠷᠴᠢᠮ ᠢᠶᠠᠷ ᠭᠡᠷ᠎ᠡ ᠶᠢᠨ ᠭᠤᠣᠯ ᠡᠬᠦᠷᠭᠡ ᠪᠠᠨ ᠨᠢᠭᠡᠨᠲᠡ ᠬᠦᠢᠴᠡᠳᠬᠡᠭᠰᠡᠨ ᠨᠢᠭᠡ ᠲᠠᠯ᠎ᠠ ᠶᠢᠨ ᠲᠣᠬᠠᠢ ᠶᠢᠨ ᠬᠦᠮᠦᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠬᠤ ᠠᠷᠭ᠎ᠠ ᠠᠪᠴᠠᠯ ᠢ ᠠᠪᠲᠠᠭ ᠪᠠᠶᠢᠨ᠎ᠠ᠃ ᠡᠶᠢᠮᠣ ᠠᠴᠠ ᠲᠣᠰ ᠬᠡᠷᠡᠭ ᠲᠤ ᠬᠤᠯᠪᠣᠭᠲᠠᠵᠦ ᠪᠠᠶᠢᠭ᠎ᠠ ᠭᠡᠷ᠎ᠡ ᠨᠢ ᠬᠠᠣᠯᠢ ᠴᠠᠭᠠᠵᠠ ᠶᠢᠨ ᠬᠦᠴᠦᠨ ᠲᠠᠢ᠃ ᠭᠡᠪᠡᠴᠦ ᠡᠶᠢᠮᠦᠷᠬᠦ ᠨᠢᠭᠡ ᠲᠠᠯ᠎ᠠ ᠨᠢ ᠨᠢᠭᠡᠨᠲᠡ ᠬᠦᠢᠴᠡᠳᠬᠡᠭᠰᠡᠨ ᠭᠡᠷ᠎ᠡ ᠳᠤ ᠡᠷᠭᠡ ᠪᠠ ᠡᠬᠦᠷᠭᠡ ᠨᠢ ᠲᠣᠲᠣ ᠦᠭᠡᠢ᠂ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢ ᠨᠠᠷᠢᠪᠴᠢᠯᠠᠬᠰᠠᠨ ᠦᠭᠡᠢ ᠵᠡᠷᠭᠡ ᠰᠢᠯᠲᠠᠭᠠᠨ ᠠᠴᠠ ᠪᠣᠯᠵᠤ ᠬᠢᠯᠪᠠᠷᠬᠠᠨ ᠵᠠᠭᠤᠷᠭᠠᠨ ᠡᠬᠦᠰᠲᠡᠭ᠃ ᠪᠣᠲᠠᠲᠣ ᠠᠮᠢᠲᠣᠷᠠᠯ ᠳᠤ ᠠᠯᠢ ᠪᠣᠯᠬᠤ ᠪᠠᠷ ᠵᠠᠶᠢᠯᠠᠰᠬᠢᠪᠡᠯ ᠵᠣᠬᠢᠨ᠎ᠡ᠃       ᠬᠠᠮᠢᠶ᠎ᠠ ᠪᠦᠬᠦᠢ ᠬᠠᠣᠯᠢ ᠶᠢᠨ ᠲᠣᠭᠲᠠᠭᠠᠯ᠄ ︽ᠪᠦᠬᠦᠲᠡ ᠨᠠᠶᠢᠷᠠᠮᠲᠠᠬᠤ ᠲᠣᠮᠲᠠᠲᠣ ᠠᠷᠠᠳ ᠣᠯᠣᠰ ᠤᠨ ᠭᠡᠷ᠎ᠡ ᠶᠢᠨ ᠬᠠᠣᠯᠢ︾᠎ ᠶᠢᠨ ᠭᠤᠴᠢᠨ ᠵᠢᠷᠭᠤᠲᠣᠭᠠᠷ ᠵᠦᠢᠯ ᠤᠨ ᠲᠣᠭᠲᠠᠭᠠᠯ᠄ ︽ᠬᠠᠣᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠳᠤ ᠲᠣᠭᠲᠠᠭᠠᠭᠰᠠᠨ ᠪᠣᠶᠣ ᠲᠣᠬᠠᠢ ᠶᠢᠨ ᠬᠦᠮᠦᠨ ᠨᠢ ᠪᠢᠴᠢᠭ ᠤᠨ ᠬᠡᠯᠪᠡᠷᠢ ᠪᠠᠷ ᠭᠡᠷ᠎ᠡ ᠲᠣᠭᠲᠠᠭᠠᠨ᠎ᠠ ᠭᠡᠵᠦ ᠪᠣᠯᠵᠣᠴᠢᠭᠠᠳ᠂ ᠪᠢᠴᠢᠭ ᠤᠨ ᠬᠡᠯᠪᠡᠷᠢ ᠶᠢ ᠬᠡᠷᠡᠭᠯᠡᠭᠰᠡᠨ ᠦᠭᠡᠢ᠂ ᠭᠡᠪᠡᠴᠦ ᠨᠢᠭᠡ ᠡᠲᠡᠭᠡᠳ ᠨᠢ ᠭᠤᠣᠯ ᠡᠬᠦᠷᠭᠡ ᠪᠠᠨ ᠨᠢᠭᠡᠨᠲᠡ ᠬᠦᠢᠴᠡᠳᠬᠡᠵᠦ᠂ ᠨᠦᠬᠦᠭᠡ ᠡᠲᠡᠭᠡᠳ ᠨᠢ ᠬᠦᠯᠢᠶᠡᠨ ᠠᠪᠤᠭᠰᠠᠨ ᠪᠠᠶᠢᠪᠠᠯ᠂ ᠲᠣᠰ ᠭᠡᠷ᠎ᠡ ᠶᠢ ᠪᠠᠶᠢᠭᠤᠯᠣᠭᠲᠠᠭᠰᠠᠨ ᠢᠶᠠᠷ ᠪᠣᠲᠣᠨ᠎ᠡ︾᠃
 
ᠢᠷᠡᠯᠲᠡ᠄ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号