ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠲᠦᠪ ᠳᠤᠭᠤᠶᠢᠯᠠᠩ 2020 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/26
     11ᠰᠠᠷ᠎ᠠ ᠶᠢᠨ 22᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠲᠦᠪ ᠳᠤᠭᠤᠶᠢᠯᠠᠩ ᠤᠨ 2020 ᠤᠨ ᠤ 15 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
     ᠬᠤᠷᠠᠯ ᠠᠴᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠰᠤᠷᠤᠯᠴᠠᠬᠤ ᠮᠠᠲ᠋ᠧᠷᠢᠶᠠᠯ ᠤᠨ ᠡᠮᠬᠢᠳᠬᠡᠯ ᠢ ᠪᠢᠴᠢᠭ ᠢᠶᠠᠷ ᠤᠯᠠᠮᠵᠢᠯᠠᠨ ᠰᠤᠷᠤᠯᠴᠠᠪᠠ᠃ ᠡᠭᠦᠨ ᠤ ᠬᠠᠮᠲᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠥᠬᠦᠶ ᠰᠤᠷᠤᠯᠴᠠᠯᠭ᠎ᠠ ᠶᠢᠨ ᠮᠠᠲ᠋ᠧᠷᠢᠶᠠᠯ ᠤᠨ ᠡᠮᠬᠢᠳᠬᠡᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠴᠢ ᠹᠸᠢ ᠶᠦᠨ ᠵᠢᠭᠠᠵᠤ ᠭᠠᠷᠭᠠᠭᠰᠠᠨ ᠨᠢ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠤᠭᠰᠤᠯᠲᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠰᠡᠷᠭᠡᠭ ᠢᠶᠠᠷ ᠲᠠᠨᠢᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号