ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠲᠦᠪ ᠳᠤᠭᠤᠶᠢᠯᠠᠩ 2020 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/26
     11 ᠰᠠᠷ᠎ᠠ ᠶᠢᠨ 24 ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠲᠦᠪ ᠳᠤᠭᠤᠶᠢᠯᠠᠩ 2020 ᠣᠨ ᠤ 16 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠥᠩ ᠮᠢᠩ ᠵᠦ ᠨᠥᠬᠦᠷ ᠢ ᠤᠷᠢᠵᠤ ᠬᠤᠷᠠᠯ ᠤᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠪᠡ᠃ ᠳᠡᠳ᠋ ᠬᠤᠳᠠ ᠶᠢᠨ ᠳᠠᠷᠤᠭ᠎ᠠ ᠯᠢ ᠴᠦᠨ ᠰᠢᠶᠤᠤ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠠᠢ᠃
     ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠭᠦᠩ ᠮᠢᠩ ᠵᠦ ᠨᠥᠬᠦᠷ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠢᠶᠠᠷ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠨᠢ ᠶᠠᠭᠤ ᠶᠢ ᠴᠢᠨᠠᠷ ᠰᠠᠶᠢᠲᠠᠶ ᠬᠥᠭᠵᠢᠯᠲᠡ ᠭᠡᠬᠦ᠂ ᠴᠢᠨᠠᠷ ᠰᠠᠶᠢᠲᠠᠶ ᠬᠦᠭᠵᠢᠯᠲᠡ ᠶᠢ ᠬᠡᠷᠬᠢᠨ ᠪᠡᠶᠡᠯᠡᠭᠦᠯᠬᠦ ᠠᠴᠠ ᠭᠠᠷᠳᠠᠵᠤ᠂ ᠢᠯᠡ ᠲᠣᠳᠣ ᠬᠡᠷᠡᠭ ᠵᠢᠱᠢᠶ᠎ᠡ ᠲᠠᠢ ᠤᠶᠠᠯᠳᠤᠭᠤᠯᠤᠨ ᠥᠭᠦᠯᠡᠯᠲᠡ ᠶᠢ ᠨᠠᠷᠢᠨ ᠨᠢᠭᠲᠠ ᠥᠷᠨᠢᠭᠦᠯᠵᠦ᠂ ᠵᠣᠭᠰᠣᠴᠠ ᠨᠢ ᠥᠨᠳᠥᠷ᠂ ᠦᠵᠡᠯ ᠰᠠᠨᠠᠭ᠎ᠠ ᠨᠢ ᠭᠦᠨ ᠭᠦᠨᠵᠡᠭᠡᠶ᠂ ᠥᠭᠦᠯᠡᠯᠲᠡ ᠨᠢ ᠨᠡᠪᠲᠡᠷᠬᠡᠶ᠂ ᠦᠭᠡ ᠬᠡᠯᠡ ᠨᠢ ᠪᠤᠲᠠᠲᠠᠢ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ᠂ ᠬᠠᠶᠢᠷᠤᠪ ᠤᠨ ᠲᠣᠬᠤᠢ ᠲᠤᠭᠤᠷᠢᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠣᠭᠲᠠᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠪᠠ ᠵᠢᠯᠤᠭᠤᠤᠡᠬᠤ ᠦᠢᠯᠡᠳᠦᠯ ᠦᠵᠡᠭᠦᠯᠬᠦ ᠪᠣᠯᠤᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠶᠢᠷᠤᠪ ᠤᠨ ᠲᠣᠬᠤᠢ ᠲᠤᠭᠤᠷᠢᠭ ᠳᠠᠶᠠᠭᠠᠷ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠬᠤ ᠶᠢ ᠡᠵᠡᠮᠰᠢᠨ᠎ᠡ᠃ ᠬᠤᠲᠠ᠂ ᠠᠵᠤ ᠤᠶᠢᠯᠡᠰ ᠪᠠ ᠬᠥᠮᠦᠨ ᠠᠮᠠ ᠶᠢᠨ ᠬᠠᠷᠢᠴᠠᠭ᠎ᠠ ᠶᠢ ᠰᠠᠶᠢᠲᠤᠷ ᠰᠢᠢᠤᠡᠪᠤᠷᠢᠯᠡᠵᠤ᠂ ᠪᠣᠳᠠᠲᠤ ᠴᠣᠭᠴᠠ ᠶᠢᠨ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠤᠳᠤ ᠦᠶ᠎ᠡ ᠶᠢᠨ ᠮᠥᠩᠭᠦᠨ ᠭᠦᠢᠯᠭᠡᠭᠡ᠂ ᠬᠥᠮᠦᠨ ᠤ ᠬᠦᠴᠦᠨ ᠤ ᠡᠬᠢ ᠪᠠᠶᠠᠯᠢᠭ ᠢ ᠬᠠᠮᠵᠢᠯᠴᠠᠨ ᠬᠥᠭᠵᠢᠭᠦᠯᠬᠦ ᠤᠳᠤ ᠦᠶ᠎ᠡ ᠶᠢᠨ ᠠᠵᠤ ᠤᠶᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠠᠮᠢ ᠠᠬᠤᠢ ᠣᠷᠴᠢᠨ ᠲᠣᠭᠤᠷᠢᠨ᠂ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ᠂ ᠰᠢᠨ᠎ᠡ ᠶᠢ ᠡᠭᠦᠳᠬᠦ ᠣᠷᠴᠢᠨ ᠲᠣᠭᠤᠷᠢᠨ ᠪᠠ ᠨᠡᠭᠡᠭᠡᠯᠲᠡ ᠬᠢᠬᠦ ᠣᠷᠴᠢᠨ ᠲᠣᠭᠤᠷᠢᠨ ᠢ ᠦᠨᠡᠨᠬᠦ ᠰᠠᠶᠢᠳᠤᠷ ᠪᠠᠶᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠢ ᠠᠬᠤᠶ ᠶᠢᠨ ᠠᠵᠤ ᠦᠶᠢᠯᠡᠰᠵᠢᠯᠲᠡ ᠶᠢ ᠦᠨᠡᠨ ᠬᠦ ᠪᠡᠶᠡᠯᠡᠭᠦᠯᠵᠦ᠂ ᠠᠵᠤ ᠤᠶᠢᠯᠡᠰ ᠢ ᠠᠮᠢ ᠠᠬᠤᠶᠢᠵᠢᠭᠤᠯᠬᠤ ᠬᠡᠷᠡᠭᠲᠡᠶ᠃ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠥᠯᠥᠪᠵᠢᠭᠦᠯᠭᠡ ᠲᠣᠭᠲᠠᠭᠠᠵᠤ᠂ ᠠᠷᠠᠳ ᠤᠨ ᠠᠮᠢᠳᠤᠷᠠᠯ ᠤᠨ ᠭᠦᠢᠴᠠᠤᠡᠭᠡᠯ ᠲᠤᠭ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠢᠷᠭᠡᠨ ᠢ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠲᠠᠢ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号