ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠥᠮᠥᠡᠯᠢᠭ ᠶᠤᠰᠣ ᠶᠢ ᠰᠦᠪᠡᠭᠴᠢᠯᠡᠬᠦ ᠪᠠᠭᠰᠢ ᠶᠢᠨ ᠪᠣᠯᠪᠠᠰᠤᠷᠠᠯ ᠤᠨ ᠠᠩᠭᠢ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/11/27
     11 ᠰᠠᠷ᠎ᠠ ᠶᠢᠨ 24᠎ ᠤ ᠡᠳᠦᠷ᠂ 2020 ᠣᠨ ᠤ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ︽ᠬᠥᠮᠦᠯᠢᠭ ᠶᠣᠰᠣ ᠶᠢ ᠰᠦᠪᠡᠭᠴᠢᠯᠡᠬᠦ︾ ᠪᠠᠭᠰᠢ ᠶᠢᠨ ᠪᠣᠯᠪᠠᠰᠤᠷᠠᠯ ᠤᠨ ᠠᠩᠭᠢ ᠶᠢ ᠮᠠᠨ ᠤ ᠬᠤᠲᠠ ᠳᠤ ᠡᠷᠭᠢᠯᠡᠵᠦ᠂ ᠬᠥᠬᠡᠬᠤᠲᠠ᠂ ᠪᠤᠭᠤᠲᠤ᠂ ᠤᠯᠠᠭᠠᠨᠴᠠᠪ᠂ ᠠᠯᠠᠱᠠ ᠠᠶᠢᠮᠠᠭ ᠵᠢᠴᠢ ᠮᠠᠨ ᠤ ᠬᠤᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠵᠢᠴᠢ ᠣᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠤᠯᠪᠤᠭᠳᠠᠯ ᠪᠦᠬᠦᠢ ᠬᠥᠮᠦᠰ ᠨᠡᠶᠢᠲᠡ 40 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠤ᠂ ᠪᠣᠯᠪᠠᠰᠤᠷᠠᠭᠤᠯᠬᠤ ᠬᠤᠭᠤᠴᠠᠭ᠎ᠠ ᠨᠢ ᠭᠤᠷᠪᠠᠨ ᠡᠳᠦᠷ ᠬᠠᠭᠠᠰ ᠪᠤᠯᠤᠨ᠎ᠠ᠃       ᠪᠣᠯᠪᠠᠰᠤᠷᠠᠯ ᠤᠨ ᠠᠩᠭᠢ ᠳᠤ᠂ ᠤᠯᠠᠭᠠᠨ ᠵᠠᠭᠠᠯᠮᠠᠶᠢᠲᠠᠨ ᠤ ᠣᠯᠠᠨ ᠤᠯᠤᠰ ᠤᠨ ᠵᠥᠪᠯᠡᠯ ᠤᠨ ᠵᠡᠭᠦᠨ ᠠᠽᠢᠶ᠎ᠠ ᠶᠢᠨ ᠲᠦᠯᠦᠭᠡᠯᠡᠭᠴᠢᠳ ᠤᠨ ᠭᠠᠵᠠᠷ ᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ ᠲᠥᠷᠥᠯ ᠵᠦᠢᠯ ᠤᠨ ᠭᠤᠤᠯ ᠬᠠᠮᠢᠶᠠᠷᠣᠭᠴᠢ ᠶᠧ ᠶᠢᠩ ᠬᠤᠸᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠬᠢᠭᠡᠳ ᠰᠠᠶᠢᠨ ᠳᠤᠷ᠎ᠠ ᠶᠢᠨ ᠦᠢᠯᠡᠴᠢᠯᠡᠭᠡᠨ ᠤ ᠭᠠᠵᠠᠷ ᠦ᠋ ᠰᠢᠨ ᠯᠢ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠭᠦᠰᠦᠯ ᠬᠢᠭᠡᠳ ᠬᠥᠭᠵᠢᠯᠲᠡ ᠪᠠ ᠬᠥᠮᠥᠡᠯᠢᠭ ᠶᠤᠰᠣ ᠶᠢ ᠰᠦᠪᠡᠭᠴᠢᠯᠡᠬᠦ ᠲᠥᠷᠥᠯ ᠵᠦᠢᠯ ᠵᠡᠷᠭᠡ ᠠᠭᠤᠯᠭ᠎ᠠ ᠠᠴᠠ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠰ ᠯᠦᠭᠡ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠣᠯᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠳᠤᠮᠳᠠᠳᠤ ᠤᠯᠤᠰ ᠤᠨ ᠣᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠨᠡᠶᠢᠭᠡᠮᠯᠢᠭ ᠪᠣᠯᠤᠨ ᠰᠤᠷᠭᠠᠨ ᠬᠥᠮᠦᠵᠢᠯ ᠤᠨ ᠶᠠᠮᠤᠨ ᠤ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠤᠯᠠᠭᠠᠨ ᠵᠠᠭᠠᠯᠮᠠᠶᠢᠲᠠᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠮᠡᠳᠡᠭᠳᠡᠯ︾᠎ ᠢ ᠤᠯᠠᠮᠵᠢᠯᠠᠪᠠ᠃      ᠲᠣᠰ ᠤᠳᠠᠭᠠᠨ ᠤ ᠪᠣᠯᠪᠠᠰᠤᠷᠠᠯ ᠨᠢ ᠮᠠᠨ ᠤ ᠬᠤᠲᠠ ᠪᠣᠯᠤᠨ ᠪᠤᠰᠤᠳ ᠠᠶᠢᠮᠠᠭ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠤᠭᠤᠷᠣᠨᠳᠣᠬᠢ ᠰᠣᠷᠣᠯᠴᠠᠯᠭ᠎ᠠ ᠰᠣᠯᠢᠯᠴᠠᠭ᠎ᠠ ᠶᠢ ᠴᠢᠩᠭᠠᠳᠬᠠᠵᠤ᠂ ᠮᠠᠨ ᠤ ᠬᠤᠲᠠ ᠶᠢᠨ ᠤᠯᠠᠭᠠᠨ ᠵᠠᠭᠠᠯᠮᠠᠢᠲᠠᠨ ᠤ ᠦᠢᠯᠡᠰ ᠪᠠ ᠰᠤᠷᠭᠠᠨ ᠬᠥᠮᠦᠵᠢᠯ ᠤᠨ ᠦᠢᠯᠡᠰ ᠤᠨ ᠣᠷᠭᠠᠨᠢᠭ ᠠᠭᠤᠰᠣᠯᠴᠠᠯ ᠢ ᠠᠬᠢᠭᠤᠯᠵᠤ᠂ ᠮᠠᠨ ᠤ ᠬᠤᠲᠠ ᠶᠢᠨ ᠤᠯᠠᠭᠠᠨ ᠵᠠᠭᠠᠯᠮᠠᠢᠲᠠᠨ ᠤ ᠬᠥᠮᠥᠡᠯᠢᠭ ᠶᠤᠰᠤᠨ ᠤ ᠳᠠᠮᠵᠢᠭᠤᠯᠭ᠎ᠠ ᠶᠢᠨ ᠦᠢᠯᠡᠰ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠭᠢᠭᠤᠯᠵᠠᠢ᠃ ᠁
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号