ᠬᠠᠶᠢᠷᠤᠪ ᠤᠨ ᠲᠣᠬᠤᠢ ᠲᠤᠭᠤᠷᠢᠭ ᠠᠴᠠ ᠪᠠᠶᠢᠰᠢᠩ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/11/27
     ᠬᠠᠶᠢᠷᠤᠪ ᠤᠨ ᠲᠣᠬᠤᠢ ᠶᠢᠨ ᠲᠣᠭᠤᠷᠢᠭ ᠨᠢ ᠨᠢᠭᠡᠳᠦᠯᠲᠡᠢ ᠳᠤ ᠲᠥᠯᠥᠪᠵᠢᠭᠦᠯᠦᠨ ᠵᠣᠬᠢᠴᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠬᠠᠷᠢᠶᠠᠲᠤ ᠣᠷᠣᠨ ᠤ ᠡᠬᠢ ᠪᠠᠶᠠᠯᠢᠭ ᠢ ᠨᠢᠭᠡᠤᠡᠭᠡᠬᠦ᠂ ᠠᠵᠢᠯ ᠤᠨ ᠡᠭᠦᠷᠭᠡ ᠪᠠᠨ ᠲᠣᠳᠣᠷᠬᠠᠶᠢᠯᠠᠬᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠪᠠᠷ ᠳᠠᠮᠵᠢᠨ ᠥᠭᠡᠷᠡᠴᠢᠯᠡᠨ ᠰᠠᠶᠢᠵᠢᠷᠠᠭᠤᠯᠬᠤ ᠠᠬᠢᠴᠠ ᠪᠠᠨ ᠪᠦᠬᠦ ᠬᠦᠴᠦᠨ ᠢᠶᠠᠷ ᠲᠦᠷᠭᠡᠳᠬᠡᠵᠦ᠂ ᠪᠠᠶᠢᠰᠢᠩ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃      ᠣᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠠᠢ ᠪᠧᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠾᠧ ᠫᠢᠩ ᠵᠡᠭᠦᠨ ᠨᠡᠶᠢᠭᠡᠮ ᠲᠣᠭᠤᠷᠢᠭ ᠤᠨ ᠱᠢ ᠴᠧᠩ ᠶᠢᠨ ᠨᠠᠢᠮᠠᠳᠤᠭᠠᠷ ᠬᠦᠷᠰᠢ ᠵᠡᠷᠭᠡᠯᠳᠡᠭᠡ ᠶᠢ ᠥᠭᠡᠷᠡᠴᠢᠯᠡᠨ ᠪᠠᠶᠢᠭᠤᠯᠬᠤ ᠲᠦᠷᠤᠯ ᠵᠤᠶᠢᠯ ᠤᠨ ᠲᠤᠬᠠᠶ ᠶᠢᠨ ᠲᠠᠯᠠᠪᠠᠢ ᠳᠤ ᠣᠯᠵᠤ ᠬᠠᠷᠠᠭᠰᠠᠨ ᠢᠶᠠᠷ᠂ ᠳᠡᠭᠡᠷ᠎ᠡ ᠳᠣᠤᠷᠠᠬᠢ ᠤᠰᠤᠨ ᠤ ᠬᠤᠭᠤᠯᠠᠶ ᠲᠣᠤᠷ ᠢ ᠥᠭᠡᠷᠡᠴᠢᠯᠡᠨ ᠰᠠᠶᠢᠵᠢᠷᠠᠭᠤᠯᠬᠤ ᠪᠠ ᠵᠠᠮ ᠤᠨ ᠭᠠᠳᠠᠷᠭᠤ ᠶᠢ ᠬᠠᠲᠠᠭᠤᠷᠠᠭᠤᠯᠬᠤ ᠠᠵᠢᠯ ᠢ ᠨᠢᠭᠡᠨᠲᠡ ᠦᠨᠳᠤᠰᠤᠨ ᠳᠡᠭᠡᠨ ᠳᠠᠭᠤᠰᠬᠠᠵᠠᠶ᠃ ᠪᠠᠷᠢᠯᠭ᠎ᠠ ᠶᠢᠨ ᠠᠵᠢᠯᠲᠠᠨ ᠶᠠᠭ ᠭᠤᠳᠤᠮᠵᠢᠨ ᠳᠤ ᠱᠠᠯᠠ ᠶᠢᠨ ᠲᠣᠭᠤᠰᠬ᠎ᠠ ᠳᠡᠪᠢᠰᠴᠦ᠂ ᠬᠠᠲᠠᠭᠤᠷᠠᠭᠤᠯᠤᠨ ᠰᠡᠭᠦᠯ ᠬᠤᠷᠢᠶᠠᠬᠤ ᠠᠵᠢᠯ ᠬᠢᠵᠦ ᠪᠠᠶᠢᠨ᠎ᠠ᠃       ᠵᠠᠮ ᠤᠨ ᠭᠠᠳᠠᠷᠭᠤ ᠶᠢ ᠬᠠᠲᠠᠭᠤᠷᠠᠭᠤᠯᠬᠤ ᠪᠠ ᠳᠡᠭᠡᠷ᠎ᠡ ᠳᠣᠣᠷ᠎ᠠ ᠤᠰᠤ ᠶᠢ ᠨᠡᠪᠲᠡᠷᠡᠭᠦᠯᠬᠦ ᠠᠴᠠ ᠭᠠᠳᠠᠨ᠎ᠠ᠂ ᠡᠨᠡ ᠤᠳᠠᠭᠠᠨ ᠤ ᠥᠭᠡᠷᠡᠴᠢᠯᠡᠨ ᠪᠠᠶᠢᠭᠤᠯᠤᠯᠲᠠ ᠳᠤ ᠪᠠᠰᠠ ᠢᠯᠴᠢ ᠰᠣᠯᠢᠬᠤ ᠥᠷᠲᠡᠭᠡ ᠪᠠᠶᠢᠭᠤᠯᠵᠤ᠂ 2 ᠰᠠᠶ᠎ᠠ ᠸᠠᠲ ᠤᠨ ᠢᠯᠴᠢ ᠰᠣᠯᠢᠬᠤ ᠮᠠᠰᠢᠨ ᠴᠣᠭᠴᠠᠯᠠᠪᠤᠷᠢ ᠤᠭᠰᠠᠷᠠᠵᠤ ᠳᠠᠭᠤᠰᠴᠠᠶ᠃ ᠱᠢ ᠴᠧᠩ ᠶᠢᠨ ᠨᠠᠢᠮᠠᠳᠤᠭᠠᠷ ᠬᠦᠷᠰᠢ ᠵᠡᠷᠭᠡᠯᠳᠡᠭᠡ ᠶᠢᠨ 370 ᠭᠠᠷᠤᠶ ᠡᠷᠦᠬᠡ ᠶᠢᠨ ᠰᠠᠭᠤᠭᠠᠯᠢ ᠠᠷᠠᠳ ᠨᠡᠭᠦᠷᠡᠰᠦ ᠰᠢᠲᠠᠭᠠᠨ ᠡᠪᠦᠯᠵᠢᠬᠦ ᠡᠳᠦᠷ ᠢ ᠡᠴᠦᠰᠯᠡᠭᠦᠯᠬᠦ ᠪᠣᠯᠤᠨ᠎ᠠ᠃ ᠣᠶᠢᠯᠠᠭᠠᠭᠰᠠᠨ ᠢᠶᠠᠷ᠂ ᠬᠠᠶᠢᠷᠤᠪ ᠤᠨ ᠲᠤᠬᠤᠢ ᠲᠣᠭᠤᠷᠢᠭ ᠤᠨ ᠬᠠᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠾᠧ ᠫᠢᠩ ᠵᠡᠭᠦᠨ ᠨᠡᠶᠢᠭᠡᠮ ᠲᠣᠭᠤᠷᠢᠭ ᠤᠨ ᠱᠢ ᠴᠧᠩ ᠶᠢᠨ ᠨᠠᠢᠮᠠᠳᠤᠭᠠᠷ ᠵᠠᠬ᠎ᠠ ᠵᠡᠭᠡᠯᠢ ᠭᠤᠳᠤᠮᠵᠢ ᠨᠠᠶᠠᠭᠠᠳ ᠣᠨ ᠳᠤ ᠪᠠᠶᠢᠭᠤᠯᠤᠭᠳᠠᠵᠤ᠂ ᠭᠡᠷ ᠪᠠᠶᠢᠰᠢᠩ᠂ ᠲᠥᠬᠦᠭᠡᠷᠦᠮᠵᠢ ᠬᠠᠭᠤᠴᠢᠷᠠᠪᠠ᠃ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠠᠴᠠ 8 ᠰᠠᠷ᠎ᠠ ᠶᠢᠨ ᠳᠤᠮᠳᠠᠴᠢ ᠠᠴᠠ ᠡᠬᠢᠯᠡᠨ ᠥᠭᠡᠷᠡᠴᠢᠯᠡᠵᠦ᠂ ᠣᠳᠣᠬᠠᠨ ᠳᠤ ᠳᠡᠭᠡᠳᠤ ᠳᠣᠣᠷᠠᠳᠤ ᠤᠰᠤᠨ ᠤ ᠥᠭᠡᠷᠡᠴᠢᠯᠡᠯᠲᠡ᠂ ᠢᠯᠴᠢ ᠶᠢᠨ ᠲᠣᠤᠷ ᠤᠨ ᠬᠤᠭᠤᠯᠠᠶ ᠶᠢ ᠳᠡᠪᠢᠰᠬᠦ ᠪᠠ ᠢᠯᠴᠢ ᠰᠤᠯᠢᠬᠤ ᠥᠷᠲᠡᠭᠡ ᠶᠢᠨ ᠪᠠᠷᠢᠯᠭ᠎ᠠ ᠳᠠᠭᠤᠰᠴᠠᠶ᠃ ᠵᠠᠮ ᠤᠨ ᠭᠠᠳᠠᠷᠭᠤ ᠬᠠᠲᠠᠭᠤᠷᠠᠭᠰᠠᠨ ᠲᠠᠯᠠᠪᠠᠢ ᠨᠢ ᠪᠠᠷᠤᠭ 2 ᠲᠦᠮᠡᠨ ᠲᠡᠭᠰᠢ ᠳᠥᠷᠪᠡᠯᠵᠢᠨ ᠮᠧᠲᠷ᠃ ᠬᠠᠶ ᠪᠧᠶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠾᠧ ᠫᠢᠩ ᠵᠡᠭᠦᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠮᠧᠶ ᠷᠦᠩ ᠲᠠᠨᠢᠯᠴᠠᠭᠤᠯᠬᠤ ᠳᠠᠭᠠᠨ᠂ ᠳᠠᠷᠠᠭ᠎ᠠ ᠵᠢᠯ᠂ ᠰᠢᠲᠠᠮᠠᠬᠠᠶ ᠬᠡᠢ ᠵᠢᠴᠢ ᠴᠠᠬᠢᠯᠭᠠᠨ ᠬᠡᠯᠬᠢᠶ᠎ᠡ ᠶᠢ ᠦᠭᠡᠷᠡᠴᠢᠯᠡᠬᠦ ᠭᠡᠵᠤ ᠪᠠᠶᠢᠨ᠎ᠠ᠃       2019 ᠤᠨ᠂ ᠬᠠᠶᠢᠷᠤᠪ ᠤᠨ ᠲᠣᠬᠤᠢ ᠲᠣᠭᠤᠷᠢᠭ 5 ᠬᠡᠰᠡᠭ ᠪᠠᠶᠢᠰᠢᠩ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 2800 ᠲᠦᠮᠡᠨ ᠲᠥᠭᠦᠷᠢᠭ ᠲᠤ ᠬᠦᠷᠴᠡᠢ᠃ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠱᠢ ᠴᠧᠩ ᠵᠡᠭᠦᠨ ᠵᠡᠭᠡᠯᠢ ᠶᠢᠨ ᠬᠤᠶᠢᠲᠤ ᠨᠠᠢᠮᠠᠳᠤᠭᠠᠷ ᠬᠦᠷᠰᠢ ᠵᠡᠷᠭᠡᠯᠳᠡᠭᠡ᠂ ᠬᠠᠢ ᠳ᠋ᠠ ᠵᠡᠭᠡᠯᠢ ᠶᠢᠨ ᠲᠡᠷᠭᠡᠨ ᠥᠷᠲᠡᠭᠡᠨ ᠤ ᠡᠮᠦᠨ᠎ᠡ ᠬᠤᠶᠠᠳᠤᠭᠠᠷ ᠵᠡᠭᠡᠯᠢ᠂ ᠳᠥᠩᠱᠠᠨ ᠤ ᠡᠮᠦᠨ᠎ᠡ ᠨᠢᠭᠡᠳᠤᠭᠡᠷ ᠵᠡᠭᠡᠯᠢ ᠳᠤ ᠥᠭᠡᠷᠡᠴᠢᠯᠡᠯᠲᠡ ᠬᠢᠵᠦ᠂ ᠤᠰᠤ ᠬᠠᠩᠭᠠᠬᠤ ᠬᠤᠭᠤᠯᠠᠢ ᠶᠢᠨ ᠲᠣᠣᠷ᠂ ᠢᠯᠴᠢ ᠬᠠᠩᠭᠠᠬᠤ ᠬᠤᠭᠤᠯᠠᠢ ᠶᠢᠨ ᠲᠣᠣᠷ᠂ ᠭᠤᠳᠤᠮᠵᠢᠨ ᠵᠠᠮ ᠤᠨ ᠬᠠᠲᠠᠭᠤᠷᠠᠯ ᠵᠢᠴᠢ ᠪᠣᠰᠤᠭ᠎ᠠ ᠲᠠᠯ᠎ᠠ ᠶᠢᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠠᠭᠳᠠᠭᠠᠭᠰᠠᠨ ᠪᠠᠶᠢᠨ᠎ᠠ᠃ ᠣᠳᠣᠬᠠᠨ ᠳᠤ 1200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃ ᠳᠠᠷᠠᠭ᠎ᠠ ᠠᠯᠬᠤᠮ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠨᠢ ᠬᠤᠸᠠ ᠯᠢᠶᠠᠨ ᠤ ᠡᠮᠤᠨ᠎ᠡ᠂ᠲᠡᠮᠦᠷ ᠵᠠᠮ ᠤᠨ ᠭᠤᠷᠪᠠᠯᠵᠢᠨ ᠱᠤᠭᠤᠮ ᠵᠢᠴᠢ ᠳᠠᠪᠲᠠᠬᠤ ᠤᠶᠢᠯᠡᠤᠡᠪᠤᠷᠢ ᠶᠢᠨ ᠪᠠᠶᠢᠰᠢᠩ ᠤᠨ ᠲᠣᠭᠤᠷᠢᠭ ᠢ ᠥᠭᠡᠷᠡᠴᠢᠯᠡᠨ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠶ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号