ᠦᠬᠠᠢ ᠶᠢᠨ ᠶᠠᠷᠢᠶᠠᠨ ᠤ ᠲᠠᠩᠬᠢᠮ · ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡ ᠬᠢᠭᠡᠳ  ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠲᠤᠰᠬᠠᠶ ᠰᠡᠳᠦᠪᠲᠦ ᠲᠠᠶᠢᠯᠤᠮᠵᠢ ᠶᠠᠪᠤᠭᠳᠠᠪᠠ
ᠨᠡᠶᠢᠲᠡᠯᠡᠭᠰᠡᠨ ᠴᠠᠭ᠄
2020/11/3
    ᠦᠬᠠᠢ ᠶᠢᠨ ᠶᠠᠷᠢᠶᠠᠨ ᠤ ᠲᠠᠩᠬᠢᠮ · ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡ ᠬᠢᠭᠡᠳ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠲᠤᠰᠬᠠᠶ ᠰᠡᠳᠦᠪᠲᠦ ᠲᠠᠶᠢᠯᠤᠮᠵᠢ ᠶᠠᠪᠤᠭᠳᠠᠪᠠ      11 ᠰᠠᠷ᠎ᠠ ᠶᠢᠨ 2᠎ ᠤ ᠡᠳᠦᠷ᠂ ᠦᠬᠠᠶ ᠶᠢᠨ ᠶᠠᠷᠢᠶᠠᠨ ᠤ ᠲᠠᠩᠬᠢᠮ · ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡ ᠬᠢᠭᠡᠳ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠲᠤᠰᠬᠠᠶ ᠰᠡᠳᠦᠪᠲᠦ ᠲᠠᠶᠢᠯᠤᠮᠵᠢ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠤ ᠨᠢᠭᠡᠳᠦᠭᠡᠷ ᠳᠠᠪᠬᠤᠷᠯᠢᠭ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠠᠨ ᠭᠥᠸᠧ ᠦ᠋᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠣᠷᠣᠯᠴᠠᠪᠠ᠃ ᠳᠡᠳ᠋ ᠬᠤᠲᠠ ᠶᠢᠨ ᠳᠠᠷᠤᠭ᠎ᠠ ᠯᠢᠶᠠᠩ ᠱᠣ᠋ ᠫᠢᠩ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠪᠡ᠃ ᠲᠤᠰᠬᠠᠢ ᠰᠡᠳᠦᠪᠲᠦ ᠲᠠᠶᠢᠯᠤᠮᠵᠢ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠤᠰᠬᠠᠢ ᠮᠡᠷᠭᠡᠵᠢᠯᠲᠡᠨ ᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠲᠡᠷᠢᠭᠦᠨ ᠤ ᠲᠤᠰᠬᠠᠢ ᠮᠡᠷᠭᠡᠵᠢᠯᠲᠡᠨ ᠹᠦ᠋ ᠪᠥᠸᠧ ᠵᠢᠶᠧ ︽ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡ ᠬᠢᠭᠡᠳ ᠣᠷᠣᠨ ᠪᠦᠰᠡ ᠶᠢᠨ ᠠᠮᠢ ᠠᠬᠤᠢ ᠶᠢᠨ ᠠᠮᠤᠷ ᠳᠥᠪᠰᠢᠨ︾ ᠭᠡᠬᠦ ᠰᠡᠳᠦᠪ ᠢᠶᠠᠷ ᠲᠤᠰᠬᠠᠢ ᠲᠠᠶᠢᠯᠤᠮᠵᠢ ᠬᠢᠵᠡᠢ᠃      ᠹᠦ᠋ ᠪᠥᠸᠧ ᠵᠢᠶᠧ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠮᠢ ᠠᠬᠤᠢ ᠶᠢ ᠰᠡᠷᠭᠦᠭᠡᠬᠦ ᠣᠶᠢᠯᠠᠭᠠᠭᠲᠠᠬᠤᠨ ᠪᠣᠯᠤᠨ ᠠᠬᠢᠴᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢᠨ ᠪᠠᠶᠢᠷᠢ ᠲᠣᠭᠲᠠᠭᠠᠯᠲᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠦᠨᠳᠦᠰᠦᠯᠡᠯ ᠪᠣᠯᠤᠨ ᠬᠡᠷᠡᠭ ᠤᠨ ᠵᠢᠱᠢᠶ᠎ᠡ 4 ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ ᠲᠠᠶᠢᠯᠤᠮᠵᠢ ᠶᠢᠨ ᠠᠭᠤᠯᠤᠭᠳᠠᠬᠤᠨ ᠨᠢ ᠪᠠᠶᠠᠯᠢᠭ᠂ ᠵᠠᠳᠠᠯᠤᠯᠲᠠ ᠨᠢ ᠨᠡᠪᠲᠡᠷᠬᠡᠶ᠂ ᠣᠨᠣᠯ ᠤᠨ ᠲᠠᠯ᠎ᠠ ᠪᠠᠷ ᠭᠦᠨᠵᠡᠭᠡᠶ ᠮᠥᠷᠲᠡᠭᠡᠨ ᠣᠬᠢ ᠦᠢᠯᠡᠳᠦᠯᠭᠡ ᠪᠠᠶᠢᠵᠤ᠂ ᠮᠠᠨ ᠤ ᠬᠤᠲᠠ ᠶᠢᠨ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡ ᠬᠢᠭᠡᠳ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠠᠰᠢ ᠰᠠᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠲᠠᠨᠢᠯᠴᠠᠭᠤᠯᠤᠭᠰᠠᠨ ᠢᠶᠠᠷ᠂ ᠹᠦ᠋ ᠪᠥᠸᠧ ᠵᠢᠶᠧ ᠤᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠢ ᠣᠷᠴᠢᠨ ᠲᠣᠭᠤᠷᠢᠨ ᠤ ᠰᠤᠳᠤᠯᠭᠠᠨ ᠤ ᠲᠥᠪ ᠤᠨ ᠰᠤᠳᠤᠯᠤᠭᠴᠢ᠂ ᠡᠷᠳᠡᠮ ᠰᠢᠨᠵᠢᠯᠡᠭᠡᠨ ᠤ ᠵᠥᠪᠯᠡᠯ ᠤᠨ ᠡᠷᠬᠢᠯᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡᠨ ᠤ ᠬᠡᠯᠲᠡᠰ ᠤᠨ ᠡᠷᠬᠢᠯᠡᠭᠴᠢ᠂ ᠤᠯᠠᠨ ᠤᠯᠤᠰ ᠤᠨ ᠭᠠᠵᠠᠷ ᠵᠦᠢ ᠶᠢᠨ ᠬᠤᠯᠪᠤᠭᠠᠲᠤ ᠬᠤᠷᠠᠯ ᠤᠨ ᠳᠡᠳ᠋ ᠲᠡᠷᠢᠭᠦᠯᠡᠭᠴᠢ᠂ ᠤᠯᠤᠰ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠳᠦᠭᠡᠨ ᠪᠠᠶᠢᠭᠤᠯᠤᠯᠲᠠ ᠶᠢᠨ ᠲᠤᠰᠬᠠᠢ ᠮᠡᠷᠭᠡᠵᠢᠯᠲᠡᠨ ᠤ ᠵᠥᠪᠯᠡᠯ ᠤᠨ ᠳᠡᠳ᠋ ᠡᠷᠬᠢᠯᠡᠭᠴᠢ᠂ ᠠᠮᠧᠷᠢᠺᠠ ᠶᠢᠨ ᠬᠥᠮᠦᠨ ᠰᠣᠶᠣᠯ ᠬᠢᠭᠡᠳ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠳᠠᠭᠠᠳᠤ ᠬᠠᠷᠢᠶ᠎ᠠ ᠲᠠᠢ ᠠᠺᠠᠳᠧᠮᠢᠴᠢ᠂ ᠭᠤᠷᠪᠠᠳᠤᠭᠠᠷ ᠶᠢᠷᠲᠢᠨᠴᠦ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠠᠩᠭ᠍ᠯᠢ ᠶᠢᠨ ᠡᠸ᠋ᠳᠢᠨᠪᠦᠷᠢᠭ ᠬᠠᠭᠠᠨ ᠤ ᠣᠷᠳᠤᠨ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠭᠠᠳᠠᠭᠠᠳᠤ ᠬᠠᠷᠢᠶ᠎ᠠ ᠲᠠᠢ ᠠᠺᠠᠳᠧᠮᠢᠴᠢ᠂ ᠠᠩᠭ᠍ᠯᠢ ᠶᠢᠨ ᠬᠠᠭᠠᠨ ᠤ ᠣᠷᠳᠤᠨ ᠤ ᠭᠠᠵᠠᠷ ᠵᠦᠢ ᠶᠢᠨ ᠨᠡᠶᠢᠭᠡᠮᠯᠢᠭ ᠤᠨ ᠢᠷᠠᠭᠤ ᠠᠯᠳᠠᠷᠲᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠡᠷᠳᠡᠮ ᠰᠢᠨᠵᠢᠯᠡᠭᠡᠨ ᠤ ᠡᠷᠳᠡᠮᠲᠡᠨ ᠵᠡᠷᠭᠡ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠠᠶᠢᠨ᠎ᠠ᠃      ᠠᠺᠠᠳᠧᠮᠢᠴᠢ ᠹᠦ᠋ ᠪᠥᠸᠧ ᠵᠢᠶᠧ ᠣᠯᠠᠨ ᠵᠢᠯ ᠪᠠᠶᠢᠭᠠᠯᠢ ᠶᠢᠨ ᠭᠠᠵᠠᠷ ᠵᠦᠶ ᠶᠢᠨ ᠰᠤᠳᠤᠯᠤᠯ ᠪᠠ ᠦᠵᠡᠮᠵᠢ ᠶᠢᠨ ᠠᠮᠢ ᠠᠬᠤᠶ ᠶᠢᠨ ᠰᠤᠳᠤᠯᠤᠯ ᠤᠨ ᠰᠤᠳᠤᠯᠭᠠᠨ ᠬᠢᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠪᠦᠲᠦᠴᠡ ᠬᠢᠭᠡᠳ ᠠᠮᠢ ᠠᠬᠤᠢ ᠶᠢᠨ ᠶᠠᠪᠤᠴᠠ᠂ ᠦᠵᠡᠮᠵᠢ ᠶᠢᠨ ᠠᠮᠢ ᠠᠬᠤᠶ ᠶᠢᠨ ᠰᠤᠳᠤᠯᠤᠯ ᠪᠠ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡ ᠵᠡᠷᠭᠡ ᠲᠠᠯ᠎ᠠ ᠪᠠᠷ ᠰᠢᠰᠲ᠋ᠧᠮᠲᠦ ᠴᠢᠨᠠᠷᠲᠠᠶ ᠰᠢᠨ᠎ᠡ ᠶᠢ ᠡᠭᠦᠳᠬᠦ ᠴᠢᠨᠠᠷᠲᠠᠶ ᠦᠷ᠎ᠡ ᠪᠦᠲᠦᠭᠡᠯ ᠣᠯᠵᠠᠶ᠃
 
ᠢᠷᠡᠯᠲᠡ᠄ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号