ᠲᠣᠭᠤᠷᠢᠭ ᠤᠨ ᠤᠬᠠᠭᠤᠯᠬᠤ ᠬᠡᠯᠲᠡᠰ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ︽ᠪᠣᠯᠪᠠᠰᠤᠨ ᠵᠢᠵᠢᠭ ᠲᠣᠭᠤᠷᠢᠭ᠂ ᠪᠣᠯᠪᠠᠰᠤᠨ ᠠᠰᠠᠷ ᠤᠨ ᠬᠤᠩᠬᠢᠯ︾᠎ ᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/11/30
     ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠤ᠂ ᠪᠣᠯᠪᠠᠰᠤᠨ᠂ ᠡᠶ᠎ᠡ ᠵᠣᠬᠢᠴᠠᠩᠭᠤᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠤᠯᠠᠭᠠᠬᠤ ᠶᠢᠨ ᠲᠦᠯᠤᠭᠡ᠂ 11ᠳ᠋ᠦ᠋ᠭᠡᠷ ᠰᠠᠷ᠎ᠠ ᠶᠢᠨ 26᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠤᠬᠠᠭᠤᠯᠬᠤ ᠬᠡᠯᠲᠡᠰ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠳᠤ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠪᠣᠯᠪᠠᠰᠤᠨ ᠵᠢᠵᠢᠭ ᠲᠣᠭᠤᠷᠢᠭ᠂ ᠪᠣᠯᠪᠠᠰᠤᠨ ᠠᠰᠠᠷ ᠤᠨ ᠬᠤᠩᠬᠢᠯ︾᠎ ᠢ ᠡᠭᠦᠳᠦᠨ ᠪᠠᠶᠢᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠬᠠᠶᠢᠷᠤᠪ ᠤᠨ ᠲᠤᠬᠤᠢ ᠲᠣᠭᠤᠷᠢᠭ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠭᠤᠤ ᠢᠦᠢ ᠯᠢᠨ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠤᠤ ᠵᠢᠶᠠᠨ᠂ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠰᠤ᠋ ᠶᠠᠨ ᠫᠢᠩ ᠨᠡᠷ ᠣᠷᠣᠯᠴᠠᠪᠠ᠃
     ᠰᠢᠪᠠᠳᠠᠨ ᠪᠠᠶᠢᠴᠠᠭᠠᠯᠲᠠ ᠳᠤ ᠴᠢᠬᠤᠯᠠᠴᠢᠯᠠᠭᠰᠠᠨ ᠨᠢ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ‌‍ᠲ᠋ᠡᠭᠡᠭᠰᠢᠯᠡᠭᠦᠯᠵᠦ  ᠂ᠨᠡᠶᠢᠭᠡᠮ ᠲᠣᠭᠤᠷᠢᠭ᠂ ᠰᠠᠭᠤᠭᠠᠯᠢ ᠲᠣᠭᠤᠷᠢᠭ᠂ ᠠᠰᠠᠷ ᠤᠨ ᠬᠤᠩᠬᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠴᠢᠬᠤᠯᠠ ᠠᠷᠭ᠎ᠠ ᠬᠡᠮᠵᠢᠶ᠎ᠡ ᠪᠤᠯᠭᠠᠬᠤ ᠬᠡᠷᠡᠭᠲᠡᠢ᠃ ︽ᠪᠣᠯᠪᠠᠰᠤᠨ ᠵᠢᠵᠢᠭ ᠲᠣᠭᠤᠷᠢᠭ︾ ︽ᠪᠣᠯᠪᠠᠰᠤᠨ ᠠᠰᠠᠷ ᠤᠨ ᠬᠤᠩᠭᠢᠯ︾᠎ ᠢ ᠡᠭᠦᠳᠦᠨ ᠪᠠᠶᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠬᠤᠶᠠᠷ ᠲᠤ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠤᠷᠤᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠡᠭᠦᠳᠦᠨ ᠪᠠᠶᠢᠭᠤᠯᠬᠤ ᠠᠵᠢᠯᠯᠠᠭ᠎ᠠ ᠳᠤᠮᠳᠠ ᠪᠣᠯᠪᠠᠰᠤᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠪᠣᠯᠪᠠᠰᠤᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠡᠵᠡᠨ ᠬᠥᠮᠦᠨ ᠤ ᠤᠬᠠᠮᠰᠠᠷ ᠢ ᠪᠤᠢ ᠪᠣᠯᠭᠠᠵᠤ᠂ ᠬᠠᠷᠢᠶᠠᠯᠠᠭᠳᠠᠬᠤ ᠰᠡᠳᠬᠢᠯᠭᠡ ᠪᠠ ᠢᠷᠠᠭᠤ ᠠᠯᠳᠠᠷᠲᠤ ᠰᠡᠳᠬᠢᠯᠭᠡ  ᠶᠢ ᠨᠡᠮᠡᠭᠳᠡᠭᠦᠯᠵᠦ᠂ ᠪᠣᠯᠪᠠᠰᠤᠨ᠂ ᠡᠶ᠎ᠡ ᠵᠣᠬᠢᠴᠠᠯ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠬᠠᠮᠲᠤ ᠪᠠᠷ ᠪᠤᠢ ᠪᠤᠯᠭᠠᠬᠤ ᠬᠡᠷᠡᠭᠲᠡᠢ᠃ ᠭᠤᠷᠪᠠ ᠳᠤ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠶᠢ ᠪᠠᠷᠢᠮᠲᠠᠯᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃ ︽ᠪᠣᠯᠪᠠᠰᠤᠨ ᠰᠠᠭᠤᠭᠠᠯᠢ ᠲᠣᠭᠤᠷᠢᠭ︾ ︽ᠪᠣᠯᠪᠠᠰᠤᠨ ᠠᠰᠠᠷ ᠤᠨ ᠬᠤᠩᠬᠢᠯ︾᠎ ᠢ ᠡᠭᠦᠳᠦᠨ ᠪᠠᠶᠢᠭᠤᠯᠬᠤ ᠠᠵᠢᠯ ᠢ  ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ︽ᠪᠣᠯᠪᠠᠰᠤᠨ ᠵᠢᠵᠢᠭ ᠲᠣᠭᠤᠷᠢᠭ︾ ︽ᠪᠣᠯᠪᠠᠰᠤᠨ ᠠᠰᠠᠷ ᠤᠨ ᠬᠤᠩᠭᠢᠯ︾᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠵᠢᠭ ᠲᠣᠭᠤᠷᠢᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠠᠷᠭ᠎ᠠ ᠬᠡᠮᠵᠢᠶ᠎ᠡ ᠪᠤᠯᠭᠠᠬᠤ ᠬᠡᠷᠡᠭᠲᠡᠢ᠃
   ᠭᠤᠤ ᠢᠦᠢ ᠯᠢᠨ ᠨᠡᠷ  ᠪᠠᠭ᠎ᠠ ᠲᠣᠭᠤᠷᠢᠭ ᠢ ᠡᠭᠦᠳᠦᠨ ᠪᠠᠶᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠪᠠ᠃ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠤᠤ ᠵᠢᠶᠠᠨ ᠳᠠᠷᠠᠭ᠎ᠠ ᠠᠯᠬᠤᠮ ᠤᠨ ᠠᠵᠢᠯ ᠢ ᠪᠠᠶᠢᠷᠢᠯᠠᠭᠤᠯᠵᠠᠶ᠃ ᠡᠯ᠎ᠡ ᠨᠡᠶᠢᠭᠡᠮ ᠲᠣᠭᠤᠷᠢᠭ ᠬᠦᠴᠦᠨ ᠢᠶᠠᠨ ᠳᠠᠶᠢᠴᠢᠯᠠᠬᠤ ᠶᠢ ᠱᠠᠭᠠᠷᠳᠠᠵᠤ᠂ ᠬᠤᠲᠠ ᠶᠢᠨ ᠠᠷᠠᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠣᠯᠪᠠᠰᠤᠨ ᠡᠷᠡᠭᠦᠯ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠪᠣᠯᠪᠠᠰᠤᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠶ ᠪᠤᠯᠭᠠᠬᠤ ᠬᠡᠷᠡᠭᠲᠡᠢ᠃ ᠪᠦᠬᠦ ᠬᠤᠲᠠ ᠶᠢᠨ ᠠᠷᠠᠳ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠡᠮᠵᠢᠬᠦ ᠨᠣᠷᠮ᠎ᠠ᠂ ᠬᠠᠨᠤᠮᠵᠢᠲᠠᠢ ᠪᠠᠶᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号