ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠤᠰᠤᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020/11/30
     11 ᠳ᠋ᠦ᠋ᠭᠡᠷ ᠰᠠᠷ᠎ᠠ ᠶᠢᠨ 25᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠣᠯᠠᠨ ᠲᠠᠢ ᠬᠠᠮᠲᠤ ᠪᠦᠬᠦ ᠬᠤᠲᠠ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠵᠠᠳᠠᠯᠵᠤ᠂ ᠠᠰᠠᠭᠤᠳᠠᠯ ᠭᠠᠷᠤᠭᠰᠠᠨ ᠭᠦᠨ ᠳᠠᠪᠬᠤᠷᠭ᠎ᠠ ᠶᠢᠨ ᠰᠢᠯᠲᠠᠭᠠᠨ ᠢ ᠡᠷᠭᠢᠴᠡᠭᠦᠯᠦᠨ ᠪᠣᠳᠣᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠡᠳᠬᠢᠴᠡ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠲᠡᠶ᠃       ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠪᠠᠶᠢᠴᠠᠭᠠᠨ ᠰᠢᠨᠵᠢᠵᠦ ᠵᠠᠳᠠᠯᠤᠯᠲᠠ ᠬᠢᠵᠡᠶ᠃ ᠪᠤᠰᠤᠳ ᠪᠠᠭ ᠤᠨ ᠪᠦᠷᠢᠯᠳᠦᠬᠦᠨ ᠨᠡᠷ ᠬᠤᠪᠢ ᠬᠥᠮᠦᠨ ᠤ ᠪᠠᠶᠢᠴᠠᠭᠠᠨ ᠰᠢᠨᠵᠢᠵᠦ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃ ᠪᠤᠢ ᠪᠦᠬᠦᠢ ᠨᠥᠬᠦᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠱᠢ ᠸᠠᠨ ᠵᠢᠶᠦ᠋ᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠣᠯᠤᠭᠰᠠᠨ ᠠᠩᠬ᠎ᠠ ᠠᠯᠬᠤᠮ ᠤᠨ ᠦᠷ᠎ᠡ ᠪᠦᠲᠦᠮᠵᠢ ᠶᠢ ᠨᠤᠲᠠᠯᠠᠭᠰᠠᠨ ᠤ ᠬᠠᠮᠲᠤ ᠣᠨᠴᠠ ᠵᠠᠷᠢᠮ ᠪᠠᠭ ᠤᠨ ᠪᠦᠷᠢᠯᠳᠦᠬᠦᠨ ᠤ ᠦᠵᠡᠯ ᠰᠠᠨᠠᠭ᠎ᠠ ᠲᠠᠨᠢᠯᠲᠠ ᠨᠢ ᠭᠦᠢᠴᠡᠳ ᠪᠤᠰᠤ᠂ ᠵᠠᠷᠢᠮ ᠪᠠᠭ ᠤᠨ ᠪᠦᠷᠢᠯᠳᠦᠬᠦᠨ ᠠᠰᠠᠭᠤᠳᠠᠯ ᠢ ᠪᠠᠶᠢᠴᠠᠭᠠᠨ ᠳᠡᠯᠭᠡᠬᠦ ᠨᠢ ᠭᠦᠨᠵᠡᠭᠡᠢ ᠪᠤᠰᠤ᠂ ᠰᠢᠭᠦᠮᠵᠢᠯᠡᠬᠦ ᠰᠠᠨᠠᠯ ᠨᠢ ᠦᠨᠡᠨ ᠪᠣᠳᠠᠲᠠᠢ ᠪᠢᠰᠢ᠂ ᠴᠡᠭᠴᠡᠯᠡᠨ ᠦᠭᠡᠷᠡᠴᠢᠯᠡᠬᠦ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠴᠢᠩᠭ᠎ᠠ ᠪᠢᠰᠢ ᠵᠡᠷᠭᠡ ᠲᠠᠯ᠎ᠠ ᠠᠴᠠ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠢ ᠪᠠᠷ ᠵᠢᠭᠠᠨ ᠭᠠᠷᠭᠠᠵᠠᠢ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠤᠯᠤᠰ ᠲᠥᠷᠥ ᠶᠢᠨ ᠵᠤᠭᠰᠤᠯᠲᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠂ ᠤᠯᠤᠰ ᠲᠥᠷᠥ ᠶᠢᠨ ᠲᠠᠯ᠎ᠠ ᠠᠴᠠ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠤᠨ ᠠᠰᠠᠭᠤᠳᠠᠯ ᠢ ᠳᠣᠯᠬᠢᠯᠠᠨ ᠪᠣᠳᠣᠯᠬᠢᠯᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠶᠡᠭᠡ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠰᠢᠨ᠂ ᠦᠨᠳᠦᠰᠦᠲᠡᠨ ᠤ ᠠᠰᠠᠭᠤᠳᠠᠯ ᠳᠤ ᠬᠠᠨᠳᠤᠨ᠎ᠠ᠃ ᠦᠨᠳᠦᠰᠦᠲᠡᠨ ᠤ ᠡᠯ᠎ᠡ ᠵᠠᠩᠭᠢᠯᠠᠭ᠎ᠠ ᠡᠯ᠎ᠡ ᠲᠠᠯ᠎ᠠ ᠶᠢᠨ ᠠᠵᠢᠯ ᠢ ᠨᠠᠷᠢᠯᠢᠭ ᠪᠣᠳᠠᠲᠠᠶ ᠠᠳᠬᠤᠵᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ ᠴᠠᠭ ᠦᠶᠡᠴᠢ ᠴᠢᠨᠠᠷ ᠵᠠᠷᠴᠢᠮᠲᠤ ᠴᠢᠨᠠᠷ ᠲᠠᠶᠢᠴᠢᠨ ᠴᠢᠨᠠᠷ ᠢ ᠡᠷᠡᠰ ᠬᠠᠮᠠᠭᠠᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠤᠶᠢᠯᠡᠳᠤᠯ ᠢ ᠦᠷᠭᠦᠯᠵᠢᠯᠡᠨ ᠶᠡᠬᠡᠰᠬᠡᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠴᠠᠭᠠᠨ ᠳᠡᠯᠭᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠲᠣᠳᠣᠷᠬᠠᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠯᠠᠪᠳᠠᠭᠤᠨ ᠪᠠᠳᠤᠲᠠᠢ ᠲᠦᠯᠬᠢᠨ ᠠᠬᠢᠭᠤᠯᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠤᠳᠤᠷᠢᠳᠬᠤ ᠪᠠᠶᠢᠭᠤᠯᠤᠯ ᠪᠣᠯᠤᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠣᠳᠣᠬᠠᠨ ᠳᠤ᠂ ᠪᠦᠬᠦ ᠬᠤᠲᠠ ᠶᠢᠨ ᠡᠯ᠎ᠡ ᠵᠤᠶᠢᠯ ᠤᠨ ᠠᠵᠢᠯ ᠨᠢᠭᠡᠨᠲᠡ ᠬᠦᠴᠢᠷ ᠢ ᠲᠤᠭᠤᠯᠤᠨ᠂ ᠰᠡᠭᠦᠯ ᠬᠤᠷᠢᠶᠠᠬᠤ ᠪᠠᠶᠢᠷᠢᠯᠠᠭᠤᠯᠤᠯᠲᠠ ᠶᠢᠨ ᠵᠠᠩᠭᠢᠯᠠᠭ᠎ᠠ ᠶᠢᠨ ᠱᠠᠲᠤᠨ ᠳᠤ ᠣᠷᠣᠵᠠᠶ᠂ ᠬᠠᠶᠢᠷᠤᠪ ᠤᠨ ᠲᠣᠬᠤᠢ ᠲᠣᠭᠤᠷᠢᠭ ᠨᠢ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢᠶᠠᠷ ᠲᠣᠬᠢᠶᠠᠯ ᠪᠣᠯᠭᠠᠬᠤ ᠬᠡᠷᠡᠭᠲᠡᠶ᠃ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ 2035 ᠤᠨ ᠤ ᠠᠯᠤᠰ ᠤᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠤᠨ ᠤ ᠭᠤᠤᠯᠳᠠᠯᠭ᠎ᠠ ᠲᠠᠢ ᠠᠵᠢᠯ ᠤᠨ ︽ᠡᠷᠭᠢᠵᠦ ᠬᠠᠷᠠᠬᠤ︾᠂ ᠠᠮᠤᠷ ᠲᠦᠪᠰᠢᠨ ᠲᠣᠭᠲᠠᠭᠤᠨ ᠪᠠᠶᠢᠬᠤ ᠪᠠ ᠡᠪᠦᠯ ᠤᠨ ᠤᠯᠠᠷᠢᠯ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠬᠢᠵᠠᠭᠠᠷᠯᠠᠬᠤ ᠵᠡᠷᠭᠡ ᠡᠯ᠎ᠡ ᠵᠤᠶᠢᠯ ᠤᠨ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠭᠠᠵᠠᠷ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号