ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2020/11/5
     ᠤᠢᠢᠷ᠎ᠠ ᠶᠢᠨ ᠡᠳᠦᠷ᠂ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠪᠠ᠃ 11 ᠰᠠᠷ᠎ᠠ ᠶᠢᠨ 4᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠪᠥᠬᠦᠳᠡ ᠬᠤᠷᠠᠯ ᠤᠨ ᠠᠯᠪᠠᠨ ᠮᠡᠳᠡᠭᠡ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠶᠢ ᠬᠠᠮᠲᠤᠪᠠᠷ ᠰᠤᠷᠤᠯᠴᠠᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾᠎ ᠪᠠᠷ ᠭᠤᠣᠯ ᠰᠡᠳᠦᠪ ᠪᠣᠯᠭᠠᠭᠰᠠᠨ ᠲᠤᠰᠬᠠᠢ ᠰᠡᠳᠦᠪᠲᠦ ᠲᠠᠶᠢᠯᠤᠮᠵᠢ ᠶᠢ ᠰᠣᠨᠤᠰᠴᠠᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠠᠵᠢᠯᠲᠠᠨ ᠯᠢᠶᠠᠩ ᠴᠢᠩ ᠬᠡᠯᠡᠬᠦ ᠳᠡᠭᠡᠨ᠂ ᠲᠤᠰ ᠰᠢᠰᠲ᠋ᠧᠮ ᠤᠨ ᠠᠵᠢᠯᠲᠠᠨ ᠪᠣᠯᠤᠭᠰᠠᠨ ᠤ ᠬᠤᠪᠢ ᠳᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠢᠯᠡ ᠠᠵᠢᠯᠯᠠᠭ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠰᠤᠷᠤᠯᠴᠠᠨ ᠤᠬᠠᠭᠤᠯᠵᠤ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠬᠦ ᠪᠠᠷ ᠴᠢᠷᠮᠠᠶᠢᠨ᠎ᠠ ᠭᠡᠪᠡ᠃      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠮᠵᠢᠯᠲᠠ ᠲᠠᠢ ᠲᠡᠭᠦᠰᠦᠭᠰᠡᠨ ᠤ ᠲᠠᠷᠠᠭ᠎ᠠ᠂ ᠦᠬᠠᠶ ᠶᠢᠨ ᠡᠳᠦᠷ ᠤᠨ ᠰᠣᠨᠢᠨ ᠤ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠪᠥᠬᠦ ᠨᠠᠮ ᠤᠨ ᠭᠡᠰᠢᠭᠦᠨ ᠺᠠᠳ᠋ᠷᠴᠤᠳ ᠲᠡᠷᠡ ᠳᠠᠷᠤᠶ ᠳᠤᠨᠢ ᠪᠥᠬᠦᠳᠡ ᠬᠤᠷᠠᠯ ᠤᠨ ᠠᠯᠪᠠᠨ ᠮᠡᠳᠡᠭᠡ ᠶᠢ ᠨᠠᠷᠢᠨ ᠬᠢᠨᠠᠮᠠᠭᠠᠢ ᠰᠤᠷᠤᠯᠴᠠᠪᠠ᠃ 11 ᠰᠠᠷ᠎ᠠ ᠶᠢᠨ 3᠎ ᠤ ᠡᠳᠦᠷ᠂ ᠦᠬᠠᠶ ᠶᠢᠨ ᠡᠳᠦᠷ ᠤᠨ ᠰᠣᠨᠢᠨ ᠤ ᠬᠤᠷᠢᠶ᠎ᠠ ᠪᠥᠬᠦ ᠬᠤᠷᠢᠶᠠᠨ ᠤ ᠠᠵᠢᠯᠲᠠᠨ ᠠᠵᠢᠯᠴᠢᠨ ᠤ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠯᠠᠮᠵᠢᠯᠠᠪᠠ᠃ ᠦᠬᠠᠶ ᠶᠢᠨ ᠡᠳᠦᠷ ᠤᠨ ᠰᠣᠨᠢᠨ ᠤ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠸᠧᠨ ᠢ ᠶᠤᠤ ᠬᠡᠯᠡᠭᠰᠡᠨ ᠨᠢ᠄ ︽ᠪᠢᠳᠠ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠦ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠢᠳᠡᠪᠬᠢᠲᠡᠶ ᠪᠠᠷ ᠠᠵᠢᠯᠯᠠᠵᠤ᠂ ᠭᠤᠤᠯ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠵᠢᠴᠢ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠰᠬᠠᠶ ᠰᠡᠳᠦᠪᠲᠦ ᠤᠬᠠᠭᠤᠯᠤᠨ ᠮᠡᠳᠡᠭᠡᠯᠡᠬᠦ ᠠᠵᠢᠯ ᠢ ᠥᠷᠭᠡᠨ ᠳᠡᠯᠭᠡᠷ ᠥᠷᠨᠢᠭᠦᠯᠵᠦ᠂ ᠨᠠᠮ ᠤᠨ ᠵᠠᠭᠤᠴᠢᠯᠠᠭᠤᠷ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠤᠯᠠᠮᠵᠢᠯᠠᠨ ᠲᠠᠷᠬᠠᠭᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢᠶᠠᠨ ᠦᠨᠡᠨ ᠬᠦ ᠳᠡᠭᠡᠭᠰᠢᠯᠡᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠳᠤ ᠭᠤᠤᠯ ᠵᠠᠭᠤᠴᠢᠯᠠᠭᠤᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ︾᠃ 11 ᠰᠠᠷ᠎ᠠ ᠶᠢᠨ 3᠎ ᠤ ᠡᠳᠦᠷ᠂ ᠦᠬᠠᠶ ᠶᠢᠨ ᠷᠠᠳᠢᠣ᠋ ᠲᠧᠯᠸᠢᠰ ᠬᠤᠷᠢᠶ᠎ᠠ ᠪᠥᠬᠦ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠯᠢᠦ ᠪᠦᠦ ᠵᠢᠶᠦ᠋ᠨ ᠬᠡᠯᠡᠭᠰᠡᠨ ᠨᠢ᠄ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠪᠢᠳᠡ ᠤᠯᠤᠰ ᠲᠥᠷᠥ ᠶᠢᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠰᠢᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠶ ᠳᠤᠨᠢ᠂ ᠠᠮᠢᠳᠤᠯᠢᠭ ᠢᠶᠠᠷ ᠰᠠᠶᠢᠲᠤᠷ ᠤᠬᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ︾᠃      11 ᠰᠠᠷ᠎ᠠ ᠶᠢᠨ 2᠎ ᠤ ᠡᠳᠦᠷ᠂ ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ᠰᠤᠷᠤᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠯᠪᠤᠭᠠᠨ ᠤ ᠲᠡᠷᠢᠭᠦᠯᠡᠭᠴᠢ ᠭᠥᠸᠧ ᠵᠧᠨ ᠯᠢᠶᠠᠨ ᠢᠯᠡᠷᠬᠡᠶᠢᠯᠡᠬᠦ ᠳᠡᠭᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠲᠡᠤᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠰᠣᠶᠣᠯ ᠤᠨ ᠪᠠᠶᠢᠭᠤᠯᠤᠯᠲᠠ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠣᠳᠣᠬᠠᠨ ᠳᠤ ᠂ ᠬᠤᠲᠠ ᠶᠢᠨ ᠤᠳᠬ᠎ᠠ ᠤᠷᠠᠯᠢᠭ ᠤᠨ ᠬᠤᠯᠪᠣᠭ᠎ᠠ ᠨᠢ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠶᠢᠨ ᠲᠣᠭᠤᠷᠢᠨ ᠳᠤ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠦᠬᠠᠶ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ ᠦᠬᠠᠶ ᠶᠢᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ ᠂ ᠤᠳᠬ᠎ᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠠᠬᠢᠭᠤᠯᠵᠤ᠂ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨᠴᠢ ᠴᠢᠨᠠᠷᠲᠠᠶ ᠤᠳᠬ᠎ᠠ ᠤᠷᠠᠯᠢᠭ ᠤᠨ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠦᠬᠦ ᠬᠤᠲᠠ ᠶᠢᠨ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠶᠤᠨ ᠤ ᠳᠡᠮᠵᠢᠯᠭᠡ ᠪᠠ ᠣᠶᠤᠨ ᠰᠠᠨᠠᠭᠠᠨ ᠤ ᠬᠦᠴᠦᠨ ᠬᠠᠩᠭᠠᠨ᠎ᠠ ᠭᠡᠵᠡᠢ᠃ 11 ᠰᠠᠷ᠎ᠠ ᠶᠢᠨ 2᠎ ᠤ ᠡᠳᠦᠷ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶᠎ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ ︽ᠪᠥᠬᠦᠳᠡ ᠬᠤᠷᠠᠯ ᠠᠴᠠ ᠰᠣᠶᠣᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠠᠴᠠ ᠲᠥᠯᠥᠪᠵᠢᠭᠦᠯᠭᠡ ᠪᠠ ᠵᠢᠷᠤᠭ ᠲᠥᠯᠥᠪᠯᠡᠭᠡ ᠬᠢᠵᠦ᠂ 2035 ᠣᠨ ᠪᠣᠯᠲᠠᠯ᠎ᠠ ᠰᠣᠶᠣᠯ ᠤᠨ ᠬᠦᠴᠦᠷᠬᠡᠭ ᠤᠯᠤᠰ ᠢ ᠪᠠᠶᠢᠭᠤᠯᠤᠨ᠎ᠠ ᠭᠡᠵᠦ ᠲᠣᠳᠣᠷᠬᠠᠢ ᠳᠤᠷᠠᠳᠪᠠ︾᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠦᠩ ᠶᠤᠸᠠᠢ ᠰᠢᠶᠠ ᠢᠯᠡᠷᠬᠡᠶᠢᠯᠡᠬᠦ ᠳᠡᠭᠡᠨ᠂ ᠪᠦᠬᠦ ᠬᠤᠲᠠ ᠶᠢᠨ ᠰᠣᠶᠣᠯ ᠪᠠ ᠵᠢᠭᠤᠯᠴᠢᠯᠠᠯ ᠤᠨ ᠹᠷᠣᠨᠲ ᠠᠵᠠ ᠲᠣᠬᠢᠶᠠᠯ ᠢ ᠠᠳᠬᠤᠵᠤ᠂ ᠬᠦᠴᠦᠯᠡᠨ ᠴᠢᠷᠮᠠᠶᠢᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠪᠠᠨ ᠴᠡᠴᠡᠭᠯᠡᠭᠦᠯᠵᠦ᠂ ᠰᠣᠶᠣᠯ ᠵᠤᠭᠠᠴᠠᠯ ᠤᠨ ᠬᠡᠷᠡᠭᠯᠡᠭᠡ ᠪᠠᠨ ᠦᠷᠭᠡᠳᠭᠡᠵᠦ᠂ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠦᠬᠠᠢ ᠶᠢᠨ ᠨᠡᠷᠡᠲᠦ ᠲᠡᠮᠳᠡᠭ︾᠎ ᠢ ᠴᠣᠭᠴᠠᠯᠠᠬᠤ᠂ ᠰᠤᠶᠣᠯ ᠤᠨ ᠥᠪ ᠢ ᠬᠠᠮᠠᠭᠠᠯᠠᠨ ᠠᠰᠢᠭᠯᠠᠬᠤ ᠵᠡᠷᠭᠡ ᠲᠠᠯ᠎ᠠ ᠪᠠᠷ ᠣᠨᠣᠪᠴᠢᠲᠠᠢ ᠬᠦᠴᠦᠯᠡᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠤᠳᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠭᠤᠷᠪᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠬᠤᠶᠠᠷ ᠱᠠᠲᠤᠨ ᠤ ᠬᠠᠮ ᠵᠠᠭᠤᠴᠢᠯᠠᠭᠤᠷ ᠤᠨ ᠲᠥᠪ ᠵᠡᠷᠭᠡ ᠨᠢᠭᠡᠴᠡ ᠴᠦ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠳ ᠺᠠᠳ᠋ᠷᠴᠤᠳ ᠢᠯᠡᠷᠬᠡᠶᠢᠯᠡᠭᠰᠡᠨ ᠨᠢ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠠᠴᠠ ᠭᠠᠷᠭᠠᠭᠰᠠᠨ ᠠᠯᠢ ᠣᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠳᠠᠪᠰᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号