ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ ᠎ᠠ ︽ᠰᠦᠯᠵᠢᠶᠡᠨ ᠳᠡᠭᠡᠷᠡᠬᠢ 3D ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ︾᠎ ᠢ ᠲᠣᠭᠤᠷᠢᠨ ᠦᠵᠡᠬᠦ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2020/11/6
     ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠪ ᠴᠢᠬᠡᠴᠢ ᠠᠵᠢᠯ ᠬᠢᠵᠦ ᠦᠢᠯᠡᠰ ᠪᠣᠰᠬᠠᠬᠤ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ 11 ᠰᠠᠷ᠎ᠠ ᠶᠢᠨ 5᠎ ᠤ ᠦᠳᠡ ᠡᠮᠦᠨ᠎ᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠢᠩᠬᠢᠮ ᠳᠤ ᠬᠦᠷᠴᠦ ︽ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ 3D ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠭᠡ ᠶᠢᠨ ᠲᠢᠩᠬᠢᠮ︾᠎ ᠢ ᠲᠥᠪᠯᠡᠷᠡᠭᠦᠯᠦᠨ ᠰᠣᠨᠢᠷᠬᠠᠪᠠ᠃
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶᠡᠨ ᠳᠡᠭᠡᠷᠡᠬᠢ 3D ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠭᠡ ᠶᠢᠨ ᠲᠢᠩᠬᠢᠮ︾᠎ ᠤᠨ ᠨᠡᠶᠢᠲᠡ ᠳᠡᠰ ᠬᠤᠪᠢᠶᠠᠭᠰᠠᠨ ᠲᠢᠩᠬᠢᠮ᠂ ᠲᠡᠤᠬᠡ ᠶᠢᠨ ᠲᠢᠩᠬᠢᠮ᠂ ᠳᠡᠯᠡᠬᠡᠶ ᠶᠢᠨ ᠲᠢᠩᠬᠢᠮ᠂ ᠢᠯᠵᠠᠷᠠᠯ ᠢ ᠡᠰᠡᠷᠭᠦᠴᠡᠬᠦ ᠲᠢᠩᠬᠢᠮ᠂ ᠭᠡᠮᠰᠢᠬᠦ ᠲᠢᠩᠬᠢᠮ᠂ ᠠᠯᠪᠠᠨ ᠵᠠᠷᠤᠴᠠ ᠶᠢᠨ ᠲᠢᠩᠬᠢᠮ᠂ ᠠᠶᠢᠮᠠᠭ ᠬᠤᠲᠠ ᠶᠢᠨ ᠲᠢᠩᠬᠢᠮ᠂ ᠢᠷᠡᠭᠡᠳᠦᠶ ᠶᠢᠨ ᠲᠢᠩᠬᠢᠮ ᠵᠡᠷᠭᠡ ᠨᠠᠢᠮᠠᠨ ᠦᠵᠡᠭᠦᠯᠦᠯᠭᠡ ᠶᠢᠨ ᠲᠢᠩᠬᠢᠮ᠂ ᠬᠠᠮᠤᠭ ᠰᠢᠨ᠎ᠡ 3D ᠬᠡᠶᠢᠰᠪᠦᠷᠢ ᠲᠣᠭᠠᠨ ᠤ ᠮᠡᠷᠭᠡᠵᠢᠯ ᠢ ᠬᠡᠷᠡᠭᠯᠡᠵᠦ᠂ ᠶᠡᠭᠡ ᠬᠡᠮᠵᠢᠶᠡᠨ ᠤ ᠦᠰᠦᠭ ᠪᠢᠴᠢᠭ᠂ ᠸᠢᠳᠢᠣ᠋᠂ ᠳᠠᠭᠤᠨ ᠳᠠᠪᠲᠠᠮᠵᠢ ᠶᠢᠨ ᠮᠠᠲ᠋ᠧᠷᠢᠶᠠᠯ ᠢᠶᠠᠷ ᠳᠠᠮᠵᠢᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠪᠢᠴᠢᠭ ᠢᠶᠠᠷ ᠵᠢᠭᠠᠨ ᠰᠤᠷᠭᠠᠵᠤ᠂ ᠵᠢᠷᠤᠭ ᠢᠶᠠᠷ ᠰᠡᠷᠡᠮᠵᠢᠯᠡᠭᠦᠯᠵᠦ᠂ ᠠᠯᠢ ᠣᠯᠠᠨ ᠨᠡᠶᠢᠲᠡᠯᠢᠭ ᠬᠡᠷᠡᠭ ᠤᠨ ᠵᠢᠱᠢᠶ᠎ᠡ ᠪᠠ ᠦᠨᠡᠨ ᠪᠣᠳᠠᠲᠠᠶ ᠵᠢᠷᠤᠭ ᠳᠦᠷᠰᠦ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠢ ᠴᠢᠩᠭ᠎ᠠ ᠵᠠᠰᠠᠬᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠡᠷᠡᠰ ᠵᠣᠷᠢᠭ ᠢ ᠢᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠭᠠᠵᠠᠷ ᠪᠣᠯᠭᠠᠨ ᠳᠤ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠨ᠎ᠠ᠃
      ᠰᠦᠯᠵᠢᠶᠡᠨ ᠳᠡᠭᠡᠷᠡᠬᠢ 3D ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠦᠵᠡᠭᠰᠡᠨ ᠤ ᠳᠠᠷᠠᠭ᠎ᠠ᠂ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠎ ᠤᠨ ᠳᠥᠷᠪᠡᠳᠦᠭᠡᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᠼᠠᠢ ᠬᠤᠩ ︽ᠰᠢᠭᠦᠮᠵᠢᠯᠡᠯ ᠥᠭᠦᠯᠡᠯ︾᠎ ᠳᠠᠬᠢ ᠰᠣᠩᠭᠤᠳᠠᠭ ᠠᠯᠳᠠᠷᠲᠤ ᠥᠭᠦᠯᠡᠪᠦᠷᠢ ᠶᠢ ᠡᠰᠢᠯᠡᠨ ᠬᠡᠷᠡᠭᠯᠡᠵᠦ᠂ ᠡᠷᠳᠡᠮᠲᠡᠨ ᠮᠡᠷᠭᠡᠳ ᠤᠨ ᠵᠠᠩ ᠴᠢᠨᠠᠷ ᠠᠴᠠ ᠡᠭᠦᠰᠴᠦ᠂ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠡᠷᠡᠭᠲᠡᠢ ᠭᠡᠵᠦ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号