ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠢ ᠯᠢᠨ ᠨᠡᠶᠢᠭᠡᠮ ᠲᠣᠭᠤᠷᠢᠭ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠤᠶᠠᠯᠳᠤᠭᠤᠯᠤᠨ ᠱᠠᠯᠢᠭ ᠵᠠᠪᠬᠠᠶ ᠵᠤᠶᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ‌ᠦᠭᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/11/6
    ᠬᠠᠷᠢᠶᠠᠲᠤ ᠣᠷᠣᠨ ᠤ ᠰᠣᠶᠣᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠥᠷᠭᠡᠨ ᠣᠯᠠᠨ ᠲᠦᠮᠡᠨ ᠤ ᠱᠠᠯᠢᠭ ᠵᠠᠪᠬᠠᠶ ᠵᠤᠶᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠲᠤ ᠴᠣᠬᠢᠯᠲᠠ ᠥᠭᠬᠦ ᠠᠵᠢᠯ ᠤᠨ ᠲᠤᠬᠠᠶ ᠲᠠᠨᠢᠯᠲᠠ ᠪᠣᠯᠤᠨ ᠳᠡᠮᠵᠢᠯᠭᠡ ᠶᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠤᠶ ᠪᠣᠯᠭᠠᠨ᠎ᠠ᠃ ᠯᠢᠨ ᠶᠢᠨ ᠵᠡᠭᠡᠯᠢ ᠭᠤᠳᠤᠮᠵᠢ ᠶᠢᠨ ᠢ ᠯᠢᠨ ᠨᠡᠶᠢᠭᠡᠮ ᠲᠣᠭᠤᠷᠢᠭ ᠨᠢ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ︽ᠱᠠᠯᠢᠭ ᠵᠠᠪᠬᠠᠶ ᠵᠤᠶᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠦᠪᠡᠭᠴᠢ ᠶᠢ ᠪᠠᠶᠢᠴᠠᠭᠠᠨ ᠵᠢᠭᠰᠠᠭᠠᠬᠤ᠂ ᠤᠬᠠᠭᠤᠯᠬᠤ ᠠᠵᠢᠯ ᠢ ᠵᠡᠷᠭᠡᠪᠡᠷ ᠥᠷᠨᠢᠭᠦᠯᠦᠨ᠎ᠡ᠃      ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠳᠡᠮ ᠪᠠᠶᠢᠴᠠᠭᠠᠭᠴᠢ ᠬᠠᠷᠢᠶ᠎ᠠ ᠣᠷᠣᠨ ᠳᠤ ᠨᠠᠷᠢᠨ ᠲᠣᠳᠣᠷᠬᠠᠶ‌ᠵᠢᠭᠰᠠᠭᠠᠨ ᠪᠠᠶᠢᠴᠠᠭᠠᠯᠲᠠ ᠬᠢᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠤᠶᠠᠯᠳᠤᠭᠤᠯᠤᠨ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠫᠦᠰᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠭᠦᠨᠵᠡᠭᠡᠶᠢᠷᠡᠵᠦ᠂ ᠤᠬᠠᠭᠤᠯᠬᠤ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ ᠰᠠᠭᠤᠭᠠᠯᠢ ᠠᠷᠠᠳ ᠣᠯᠠᠨ ᠳᠤ ᠱᠠᠯᠢᠭ ᠵᠠᠪᠬᠠᠶ ᠵᠤᠶᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠴᠢᠬᠤᠯᠠ ᠴᠢᠨᠠᠷ ᠢ ᠤᠬᠠᠭᠤᠯᠤᠨ ᠲᠠᠨᠢᠯᠴᠠᠭᠤᠯᠵᠠᠶ᠃ ᠰᠠᠭᠤᠭᠠᠯᠢ ᠠᠷᠠᠳ ᠢ ᠵᠢᠭᠠᠨ ᠵᠢᠯᠣᠭᠤᠳᠴᠤ ᠪᠠᠶᠢᠭᠠᠳ ᠬᠠᠤᠯᠢ ᠪᠤᠰᠤ ᠬᠡᠪᠯᠡᠭᠳᠡᠬᠦᠨ ᠢ ᠢᠯᠭᠠᠨ ᠲᠠᠨᠢᠭᠤᠯᠬᠤ ᠤᠷᠠᠨ ᠮᠡᠷᠭᠡᠵᠢᠯ ᠢ ᠨᠢ ᠢᠯᠭᠠᠨ ᠲᠠᠨᠢᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠯ᠎ᠡ ᠲᠥᠷᠥᠯ ᠎ ᠤᠨ ᠬᠠᠤᠯᠢ ᠪᠤᠰᠤ ᠬᠡᠪᠯᠡᠭᠳᠡᠬᠦᠨ ᠪᠠ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠦᠵᠡᠯ ᠤᠬᠠᠮᠰᠠᠷ ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号