ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨᠵᠢᠯᠡᠬᠦ ᠤᠬᠠᠭᠠᠨᠴᠢ ᠬᠥᠭᠵᠢᠯᠲᠡ ᠳᠤ ᠤᠶᠢᠯᠡᠴᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2020/12/10
     ᠮᠠᠨ ᠤ ᠤᠯᠤᠰ ᠤᠨ ᠳᠣᠯᠣᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠪᠦᠬᠦ ᠤᠯᠤᠰ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ︽12.4 ᠤᠯᠤᠰ ᠤᠨ ᠦᠨᠳᠦᠰᠦᠨ ᠬᠠᠤᠯᠢ ᠶᠢᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠥᠯᠥᠭᠡ᠂ ᠪᠦᠬᠦ ᠬᠥᠮᠦᠰ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠬᠠᠶᠢᠷᠤᠪ ᠤᠨ ᠲᠣᠬᠤᠢ ᠲᠤᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠠᠴᠠ ᠠᠯᠢ ᠣᠯᠠᠨ ᠰᠤᠷᠤᠯᠴᠠᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠪᠠ᠃ ᠡᠭᠦᠨ ᠳᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠵᠠᠷᠯᠠᠯ ᠨᠠᠭᠠᠬᠤ ᠶᠢ ᠪᠠᠭᠲᠠᠭᠠᠨ᠎ᠠ᠃ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ︽ᠦᠨᠳᠦᠰᠦᠨ ᠬᠠᠤᠯᠢ︾᠎ ᠶᠢ ᠥᠪᠡᠷ ᠢᠶᠠᠨ ᠰᠤᠷᠤᠯᠴᠠᠭᠤᠯᠬᠤ᠂ᠦᠨᠳᠦᠰᠦᠨ ᠬᠠᠤᠯᠢ ᠶᠢᠨ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ᠎ᠠ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠤᠶᠢᠯᠡᠴᠢᠯᠡᠭᠡ ᠶᠢ ᠥᠷᠨᠢᠭᠦᠯᠬᠦ ᠵᠡᠷᠭᠡ ᠪᠣᠯᠤᠨ᠎ᠠ᠃      12 ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠬᠠᠤᠯᠢ ᠳᠦᠷᠢᠮ ᠤᠨ ᠴᠡᠴᠡᠷᠯᠢᠭ ᠤᠨ ᠦᠨᠳᠦᠰᠦᠨ ᠬᠠᠤᠯᠢ ᠶᠢᠨ ᠬᠥᠰᠢᠶᠡᠨ ᠳᠣᠤᠷ᠎ᠠ᠂ ᠬᠤᠲᠠ ᠶᠢᠨ ᠤᠳᠤᠷᠢᠳᠤᠯᠭ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠶ᠎ᠠ︾ ᠭᠡᠰᠡᠨ ᠶᠠᠷᠢᠶ᠎ᠠ ᠲᠠᠯᠪᠢᠨ ᠣᠯᠠᠨ ᠢ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠣᠶ ᠪᠣᠯᠭᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠬᠤ ᠬᠡᠷᠡᠭᠲᠡᠶ ᠭᠡᠵᠦ ᠤᠷᠢᠶᠠᠯᠠᠵᠠᠶ᠃ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ ᠰᠠᠶᠢᠨ ᠳᠠᠳᠬᠠᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠲᠠᠷᠠᠭ᠎ᠠ ᠨᠢ ᠤᠯᠠᠨ ᠢ ᠳᠠᠭᠠᠭᠤᠯᠤᠨ ︽ᠦᠨᠳᠦᠰᠦᠨ ᠬᠠᠤᠯᠢ ︾᠎ ᠳᠤ ᠲᠠᠩᠭᠠᠷᠢᠭᠯᠠᠪᠠ᠃      ᠲᠤᠰ ᠡᠳᠦᠷ᠂ ᠲᠡᠰᠬᠢᠮ᠎ᠡ ᠬᠦᠢᠲᠡᠨ ᠰᠠᠯᠬᠢ ᠲᠠᠢ ᠪᠠᠶᠢᠭᠰᠠᠨ ᠴᠤ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠯᠠᠭᠤᠨ ᠰᠡᠳᠬᠢᠯᠭᠡ ᠶᠢ ᠬᠤᠷᠢᠭᠯᠠᠵᠤ ᠳᠡᠶᠢᠯᠬᠦ ᠦᠭᠡᠶ ᠪᠠᠶᠢᠯ᠎ᠠ᠃ ᠲᠡᠳᠡ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠯᠭᠡᠴᠡ ᠶᠢ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠳᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠦᠨᠳᠦᠰᠦᠨ ᠬᠠᠤᠯᠢ ᠶᠢᠨ ᠤᠶᠢᠯᠡᠳᠤᠯ᠂ ᠠᠴᠢ ᠬᠤᠯᠪᠣᠭᠳᠠᠯ ᠪᠠ ᠬᠠᠤᠯᠢ ᠲᠦᠷᠢᠮ ᠤᠨ ᠪᠠᠶᠢᠭᠤᠯᠤᠯᠲᠠ ᠶᠢᠨ ᠭᠦᠨ ᠭᠦᠨᠵᠡᠭᠡᠶ ᠠᠯᠤᠰ ᠬᠡᠳᠤ ᠶᠢᠨ ᠨᠥᠯᠥᠭᠡ ᠶᠢ ᠤᠯᠠᠨ ᠲᠦᠮᠡᠨ ᠳᠤ ᠨᠠᠷᠢᠨ ᠲᠠᠨᠢᠯᠴᠠᠭᠤᠯᠪᠠ᠃      ᠡᠭᠦᠨ ᠤ ᠬᠠᠮᠲᠤ᠂ ᠬᠦᠷᠢᠶᠡᠯᠡᠩ ᠲᠣᠭᠤᠷᠢᠭ ᠤᠨ ᠠᠵᠢᠯᠴᠢᠨ ᠤ ᠡᠪᠯᠡᠯ ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠤᠷᠤᠭᠤᠯᠬᠤ ᠠᠵᠢᠯᠯᠠᠭ᠎ᠠ ᠶᠢ ᠥᠷᠨᠢᠭᠦᠯᠪᠡ᠃ ᠦᠬᠠᠶ ᠬᠤᠲᠠ ᠶᠢᠨ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠳᠤ ᠭᠦᠨᠵᠡᠭᠡᠶᠢᠷᠡᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠡᠷᠭᠢᠯᠡᠪᠡ᠃ ᠲᠤᠰᠬᠠᠶ ᠬᠠᠤᠯᠢᠴᠢ ᠶᠢ ᠤᠷᠢᠵᠤ ᠠᠵᠢᠯᠳᠠᠨ ᠠᠵᠢᠯᠴᠢᠨ ᠤ ᠰᠡᠳᠬᠢᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠲᠠᠶᠢᠯᠪᠤᠷᠢᠯᠠᠭᠤᠯᠬᠤ ᠶᠢᠨ ᠬᠠᠮᠲᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠳᠤ ︽ᠢᠷᠭᠡᠨ ᠤ ᠬᠠᠤᠯᠢ ᠶᠢᠨ ᠪᠢᠴᠢᠭ︾᠂ ︽ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ︾ ᠵᠢᠴᠢ ᠤᠬᠠᠭᠤᠯᠭ᠎ᠠ ᠶᠢᠨ ᠳᠤᠷᠠᠰᠬᠠᠯ ᠤᠨ ᠡᠳ᠋ ᠵᠡᠷᠭᠡ ᠶᠢ ᠲᠠᠷᠬᠠᠭᠠᠪᠠ᠃ ᠡᠨᠡ ᠤᠳᠠᠭᠠᠨ ᠤ ᠮᠡᠳᠡᠯᠭᠡ ᠶᠢᠨ ᠲᠠᠶᠢᠯᠤᠮᠵᠢ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠬᠠᠤᠯᠢ ᠶᠢ ᠮᠡᠳᠡᠬᠦ ᠶᠢᠨ ᠴᠢᠬᠤᠯᠠ ᠴᠢᠨᠠᠷ ᠢ ᠭᠦᠢᠴᠠᠤᠡ ᠲᠠᠨᠢᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠮᠬᠢ ᠳᠢᠭᠯᠢᠮ ᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠢ ᠲᠣᠳᠣᠷᠬᠠᠶ ᠶᠠᠷᠢᠵᠠᠶ᠃ ᠬᠠᠤᠯᠢ ᠪᠠᠷ ᠵᠠᠰᠠᠬᠤ ᠠᠵᠤ ᠠᠬᠤᠶᠢᠯᠠᠯ ᠤᠨ ᠪᠠᠶᠢᠭᠤᠯᠤᠯᠲᠠ ᠶᠢ ᠠᠬᠢᠭᠤᠯᠬᠤ ᠳᠤ ᠬᠥᠲᠥᠯᠥᠨ ᠵᠢᠯᠣᠭᠤᠳᠬᠤ ᠤᠶᠢᠯᠡᠳᠤᠯ ᠦᠵᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号