ᠬᠠᠶᠢᠷᠤᠪ ᠤᠨ ᠲᠣᠬᠤᠶ ᠲᠣᠭᠤᠷᠢᠭ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/10
     12 ᠰᠠᠷ᠎ᠠ ᠶᠢᠨ 7 ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠠ᠃ ᠬᠠᠶᠢᠷᠤᠪ ᠤᠨ ᠲᠤᠬᠤᠢ ᠲᠣᠭᠤᠷᠢᠭ ᠤᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠤᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
    ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰᠬᠤᠨ ᠤ ︵ᠰᠠᠭᠤᠭᠠᠯᠢ ᠠᠷᠠᠳ ᠤᠨ ᠵᠤᠪᠯᠡᠯ ᠤᠨ ᠬᠤᠭᠤᠴᠠᠭ᠎ᠠ ᠰᠣᠯᠢᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠢᠴᠢ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠤᠳᠤᠯᠭ᠎ᠠ ᠶᠢᠨ ᠲᠣᠭᠲᠠᠭᠠᠯ ᠤᠨ ᠲᠤᠬᠠᠶ ᠲᠠᠶᠢᠯᠤᠮᠵᠢ ᠬᠢᠪᠠ᠃
     ᠴᠢ ᠹᠸᠢ ᠶᠦᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠨᠢ ᠶᠠᠭ ᠰᠠᠶᠢᠬᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠤᠡᠪᠤᠷᠢᠳᠤ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠤᠡᠪᠤᠷᠢᠳᠤ ᠢᠯᠠᠯᠲᠠ ᠶᠢ ᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠴᠢᠬᠤᠯᠠ ᠵᠠᠩᠭᠢᠯᠠᠭ᠎ᠠ ᠶᠢᠨ ᠴᠡᠭ ᠲᠠᠢ ᠲᠠᠭᠠᠷᠠᠯᠳᠤᠨ᠂ ᠤᠤᠯ ᠤᠨ 3 ᠵᠢᠯ ᠤᠨ ᠨᠢᠭᠡ ᠬᠤᠭᠤᠴᠠᠭ᠎ᠠ ᠰᠣᠯᠢᠬᠤ ᠶᠢ 5 ᠵᠢᠯ ᠤᠨ ᠨᠢᠭᠡ ᠬᠤᠭᠤᠴᠠᠭ᠎ᠠ ᠰᠣᠯᠢᠬᠤ ᠪᠣᠯᠭᠠᠨ ᠥᠭᠡᠷᠡᠴᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠴᠢᠩᠭ᠎ᠠ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠤᠡᠬᠤᠬᠤ ᠬᠡᠷᠡᠭᠲᠡᠢ᠃ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠰᠦ ᠪᠠᠶᠢᠳᠠᠯ ᠢ ᠪᠠᠲᠤᠯᠠᠬᠤ ᠬᠡᠷᠡᠭᠲᠡᠶ᠃
     ᠴᠢ ᠹᠸᠢ ᠶᠦᠨ ᠴᠢᠬᠤᠯᠠᠴᠢᠯᠠᠬᠤ ᠳᠠᠭᠠᠨ᠂ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠯᠤᠰ ᠳᠦᠷᠦᠴᠢ ᠴᠢᠨᠠᠷ᠂ ᠲᠥᠷᠥ ᠶᠢᠨ ᠪᠣᠳᠣᠯᠭ᠎ᠠ ᠶᠢᠨ ᠴᠢᠨᠠᠷ᠂ ᠲᠠᠰ ᠳᠠᠷᠠᠭᠠᠯᠠᠯ ᠤᠨ ᠴᠢᠨᠠᠷ ᠴᠢᠩᠭ᠎ᠠ ᠪᠠᠶᠢᠳᠠᠭ ᠪᠣᠯᠬᠤᠷ ᠬᠠᠤᠯᠢ ᠲᠣᠭᠲᠠᠭᠠᠯ ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠠᠵᠢᠯᠯᠠᠭ᠎ᠠ ᠶᠢ ᠨᠠᠷᠢᠯᠢᠬᠵᠢᠭᠤᠯᠵᠤ᠂ ᠴᠤᠪᠤᠷᠠᠯ ᠢ ᠵᠢᠷᠤᠮᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠤᠪᠢᠷᠠᠭᠤᠯᠬᠤ ᠦᠭᠡᠢ᠂ ᠲᠡᠰ ᠳᠠᠷᠠᠭᠠᠯᠠᠯ ᠠᠯᠬᠤᠮ ᠳᠠᠷᠠᠭ᠎ᠠ ᠪᠤᠷᠤᠭᠤ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠰ ᠳᠠᠷᠠᠭᠠᠯᠠᠯ ᠶᠣᠰᠣᠭᠠᠷ ᠵᠢᠷᠤᠮᠵᠢᠭᠤᠯᠤᠨ ᠠᠵᠢᠯᠯᠠᠭᠤᠯᠵᠤ᠂ ᠰᠠᠬᠢᠯᠭ᠎ᠠ ᠪᠠᠲᠤ ᠶᠢᠨ ᠤᠬᠠᠭᠤᠯᠭ᠎ᠠ᠂ ᠰᠣᠩᠬᠤᠭᠤᠯᠢ ᠠᠴᠠ ᠡᠮᠦᠨ᠎ᠡ ᠬᠠᠮᠢᠶᠠᠷᠬᠤ᠂ ᠪᠦᠬᠦ ᠶᠠᠪᠤᠴᠠ ᠳᠤ ᠬᠢᠨᠠᠯᠲᠠ ᠲᠠᠯᠪᠢᠬᠤ ᠪᠠ ᠪᠠᠶᠢᠴᠠᠭᠠᠨ ᠰᠢᠢᠤᠡᠪᠤᠷᠢᠯᠡᠬᠦ ᠡᠷᠴᠢᠮ ᠢᠶᠠᠨ ᠴᠢᠩᠬᠠᠳᠬᠠᠵᠤ᠂ ᠵᠠᠬᠢᠳᠠᠯ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠵᠢᠯ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠬᠤ ᠬᠡᠷᠡᠭᠲᠡᠢ᠃ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号