ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 206 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠶᠢᠷᠠᠭᠤᠯᠬᠤ ᠺᠤᠮᠢᠰ ᠤᠨ 2020 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/11
     12 ᠰᠠᠷ᠎ᠠ ᠶᠢᠨ 7᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ  ᠤ 206 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ  ᠨᠠᠮ ᠤᠨ ᠬᠤᠷᠢᠶ᠎ᠠ ᠶᠢᠨ ᠨᠠᠶᠢᠷᠠᠭᠤᠯᠬᠤ ᠺᠤᠮᠢᠰ ᠤᠨ 2020 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
     ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠤᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠱᠠᠲᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠴᠢ ᠹᠸᠢ ᠶᠦᠨ ᠴᠢᠬᠤᠯᠠᠴᠢᠯᠠᠬᠤ ᠳᠠᠭᠠᠨ᠂ ᠬᠠᠶᠢᠷᠤᠪ ᠤᠨ ᠲᠣᠬᠤᠢ ᠲᠤᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠦᠬᠦ ᠬᠦᠴᠦᠨ ᠢᠶᠠᠷ ᠠᠬᠢᠭᠤᠯᠵᠤ᠂ ᠪᠡᠯᠡ ᠣᠷᠣᠭᠤᠯᠤᠯᠲᠠ ᠪᠣᠯᠤᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠰᠠᠶᠢᠲᠤᠷ ᠠᠤᠡᠬᠤᠵᠤ  ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠠᠵᠢᠯ ᠢ ᠰᠠᠶᠢᠲᠤᠷ ᠬᠢᠵᠦ᠂ ᠴᠤᠪᠤᠷᠠᠯ ᠤᠨ ᠣᠷᠴᠢᠨ ᠲᠤᠭᠤᠷᠢᠨ ᠢ ᠰᠢᠯᠢᠳᠡᠭᠵᠢᠭᠦᠯᠦᠨ᠎ᠡ︔ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠠᠢ ᠰᠡᠷᠭᠡᠶᠢᠯᠡᠨ ᠠᠷᠢᠯᠭᠠᠬᠤ ᠬᠡᠷᠡᠭᠲᠡᠢ᠃ ᠴᠢ ᠹᠸᠢ ᠶᠦᠨ ᠵᠢᠭᠠᠵᠤ ᠭᠠᠷᠭᠠᠭᠰᠠᠨ ᠨᠢ᠂ ᠵᠢᠯ ᠤᠨ ᠡᠴᠦᠰ ᠪᠣᠯᠬᠤ ᠳᠤ᠂ ᠠᠶᠤᠯᠭᠦᠶ ᠤᠶᠢᠯᠡᠤᠡᠪᠤᠷᠢᠯᠡᠯ ᠤᠨ ᠠᠵᠢᠯ ᠪᠣᠯ ᠲᠡᠷᠢᠭᠦᠨ ᠴᠢᠬᠤᠯᠠ ᠡᠭᠦᠷᠭᠡ ᠪᠣᠯᠬᠤᠷ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠠᠵᠢᠯ ᠢ ᠡᠷᠡᠰ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠡᠭᠦᠨ ᠤ ᠬᠠᠮᠲᠤ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ‌ᠠᠤᠡᠬᠤᠬᠤ ᠬᠡᠷᠡᠭᠲᠡᠢ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号