ᠮᠠᠨ ᠤ ᠬᠤᠲᠠ ᠶᠢᠨ ᠬᠤᠶᠠᠳᠤᠭᠠᠷ ᠬᠤᠭᠤᠴᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠮᠣᠩᠭᠤᠯ ᠤᠷᠠᠨ ᠪᠢᠴᠢᠯᠭᠡ ᠶᠢᠨ ᠦᠵᠡᠰᠬᠦᠯᠡᠩ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/12/11
     12 ᠰᠠᠷ᠎ᠠ ᠶᠢᠨ 10᠎ ᠤ ᠦᠳᠡ ᠡᠮᠦᠨ᠎ᠡ᠂ ᠦᠬᠠᠶ ᠬᠤᠲᠠ ᠶᠢᠨ ᠬᠤᠶᠠᠳᠤᠭᠠᠷ ᠬᠤᠭᠤᠴᠠᠭᠠᠨ ᠤ ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠮᠣᠩᠭᠤᠯ ᠤᠷᠠᠨ ᠪᠢ ᠴᠢᠭ ᠤᠨ ᠦᠵᠡᠰᠬᠦᠯᠡᠩ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠶᠠᠪᠤᠭᠳᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠭᠤᠸᠠᠨ ᠵᠢᠶᠠᠨ ᠾᠦᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃
     ᠤᠷᠠᠨ ᠪᠢᠴᠢᠯᠭᠡ ᠶᠢᠨ ᠦᠵᠡᠭᠦᠯᠦᠯᠭᠡ ᠶᠢ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ ᠦᠨᠳᠦᠰᠦᠲᠡᠨ ᠤ ᠰᠣᠶᠣᠯ ᠤᠨ ᠰᠤᠳᠤᠯᠭᠠᠨ ᠤ ᠬᠤᠷᠠᠯ ᠠᠴᠠ ᠭᠤᠣᠯᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠠᠭᠠᠭᠠᠴᠢᠯᠠᠨ ᠡᠷᠬᠢᠯᠡᠵᠦ᠂ ᠲᠣᠰ ᠤᠳᠠᠭᠠᠨ ᠤ ᠮᠣᠩᠭᠤᠯ ᠤᠷᠠᠨ ᠪᠢᠴᠢᠯᠭᠡ ᠶᠢᠨ ᠦᠵᠡᠭᠦᠯᠦᠯᠭᠡ ᠨᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾᠎ ᠪᠠᠷ ᠭᠤᠤᠯ ᠰᠡᠳᠦᠪ ᠪᠣᠯᠭᠠᠵᠤ᠂ ᠮᠣᠩᠭᠤᠯ ᠤᠷᠠᠨ ᠪᠢᠴᠢᠯᠭᠡ ᠳᠤ ᠪᠠᠭ᠋ᠠᠲᠠᠢ ᠬᠥᠮᠦᠰ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠡᠢ᠃ ᠨᠡᠶᠢᠲᠡ 146 ᠮᠣᠩᠭᠤᠯ ᠤᠷᠠᠨ ᠪᠢᠴᠢᠯᠭᠡ ᠶᠢᠨ ᠪᠦᠲᠦᠭᠡᠯ ᠢ ᠴᠤᠭᠯᠠᠭᠤᠯᠵᠤ᠂ 80 ᠪᠦᠲᠦᠭᠡᠯ ᠦᠵᠡᠰᠬᠦᠯᠡᠩ ᠳᠤ ᠣᠷᠣᠯᠴᠠᠵᠤ᠂ 10 ᠪᠦᠲᠦᠭᠡᠯ ᠱᠠᠩᠨᠠᠯ ᠣᠯᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠱᠠᠩᠨᠠᠯ ᠬᠦᠷᠳᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠳᠠᠷᠠᠭ᠎ᠠ ᠨᠢ ᠤᠯᠠᠨ ᠢᠶᠠᠷ ᠢᠶᠠᠨ ᠦᠵᠡᠭᠦᠯᠭᠡ ᠶᠢᠨ ᠲᠢᠩᠬᠢᠮ ᠳᠤ ᠬᠦᠷᠴᠦ ᠤᠷᠠᠨ ᠪᠢᠴᠢᠯᠭᠡ ᠶᠢᠨ ᠪᠦᠲᠦᠭᠡᠯ ᠢ ᠲᠤᠭᠤᠷᠢᠨ ᠦᠵᠡᠪᠡ᠃
     ᠡᠨᠡ ᠤᠳᠠᠭᠠᠨ ᠤ ᠤᠷᠠᠨ ᠪᠢᠴᠢᠯᠭᠡ ᠶᠢᠨ ᠦᠵᠡᠭᠦᠯᠦᠯᠭᠡ ᠪᠣᠯ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠰᠢᠷᠢᠰ ᠠᠵᠢᠯᠯᠠᠭ᠎ᠠ ᠶᠢᠨ ᠨᠢᠭᠡᠨ ᠪᠤᠯᠤᠨ᠎ᠠ᠂ ᠡᠶᠢᠮᠦᠷᠬᠦᠤ ᠠᠵᠢᠯᠯᠠᠭ᠎ᠠ ᠶᠢ ᠢᠯᠡᠭᠦᠬᠡᠨ ᠥᠷᠨᠢᠭᠦᠯᠬᠦ ᠶᠢ ᠬᠦᠰᠡᠵᠦ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠲᠤᠭᠤᠷᠢᠭ ‍ᠤᠨ‌ᠥᠷᠭᠡᠨ ᠣᠯᠠᠨ ᠮᠣᠩᠭᠤᠯ ᠤᠷᠠᠨ ᠪᠢᠴᠢᠯᠭᠡ ᠳᠤ ᠪᠠᠭ᠋ᠠᠲᠠᠶ ᠬᠥᠮᠦᠰ ᠲᠤ ᠰᠤᠷᠤᠯᠴᠠᠵᠤ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠡᠯ᠎ᠡ ᠦᠨᠳᠦᠰᠦᠲᠡᠨ ᠤ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠰᠤᠷᠤᠯᠴᠠᠬᠤ ᠲᠠᠪᠴᠠᠩ ᠢ ᠪᠠᠶᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ ᠪᠣᠯᠤᠭᠰᠠᠨ ᠠᠭᠤᠯᠤᠭᠳᠠᠬᠤᠨ ᠢ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠨᠳᠤᠰᠤᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号