ᠬᠠᠶᠢᠷᠤᠪ ᠤᠨ ᠲᠣᠬᠤᠢ ᠲᠣᠭᠤᠷᠢᠭ ᠲᠤ ᠪᠠᠰᠠ ᠨᠢᠭᠡᠨ ᠨᠡᠶᠢᠭᠡᠮᠯᠢᠭ  ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020/12/14
     ᠤᠶᠢᠷ᠎ᠠ ᠶᠢᠨ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠰᠢ ᠵᠦᠴᠦᠭᠡ ᠳᠤ ᠪᠠᠭ᠋ᠠᠲᠠᠶ᠂ ᠰᠢ ᠳᠠᠭᠤᠷᠢᠯᠢᠭ ᠤᠨ ᠤᠷᠠᠯᠢᠭ ᠢ ᠤᠯᠠᠮᠵᠢᠯᠠᠨ ᠬᠥᠭᠵᠢᠭᠦᠯᠬᠦ ᠤᠷᠠᠯᠢᠭ ᠤᠨ ᠡᠩᠨᠡᠭᠡ ᠨᠢᠭᠡ ᠪᠦᠯᠦᠭ ᠴᠣᠯᠭᠤᠷᠠᠨ ᠭᠠᠷᠴᠤ᠂ ᠬᠤᠲᠠ ᠶᠢᠨ ᠲᠣᠭᠤᠷᠢᠭ ᠤᠨ ᠶᠡᠭᠡ ᠪᠠᠭ᠎ᠠ ᠰᠢ ᠵᠦᠴᠦᠭᠡ ᠶᠢᠨ ᠪᠦᠯᠬᠦᠮ ᠤᠨ ᠴᠢᠳᠠᠪᠤᠷᠢᠲᠠᠨ ᠢ ᠨᠢᠭᠡ ᠳᠣᠤᠷ᠎ᠠ ᠴᠤᠭᠯᠠᠷᠠᠭᠤᠯᠬᠤ ᠶᠢᠨ ᠲᠥᠯᠥᠭᠡ᠂  ᠬᠠᠶᠢᠷᠤᠪ ᠤᠨ ᠲᠤᠬᠤᠢ ᠲᠣᠭᠤᠷᠢᠭ ᠤᠨ ᠰᠢ ᠵᠦᠴᠦᠭᠡᠴᠢᠳ ᠤᠨ ᠨᠡᠶᠢᠭᠡᠮᠯᠢᠭ ᠪᠤᠢ ᠪᠣᠯᠪᠠ᠃
     9 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠲᠤ ᠰᠢ ᠵᠦᠴᠦᠭᠡᠴᠢᠳ ᠤᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠬᠢᠵᠦ᠂ ᠬᠤᠷᠠᠯ ᠠᠴᠠ ᠨᠡᠶᠢᠭᠡᠮᠯᠢᠭ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠡ᠃ ︽ᠬᠠᠶᠢᠷᠤᠪ ᠤᠨ ᠲᠤᠬᠤᠢ ᠲᠣᠭᠤᠷᠢᠭ ᠤᠨ ᠵᠦᠴᠦᠭᠡᠴᠢᠳ ᠤᠨ ᠨᠡᠶᠢᠭᠡᠮᠯᠢᠭ ᠤᠨ ᠲᠦᠷᠢᠮ︾᠎ ᠢ ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠵᠦᠴᠦᠭᠡᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠲᠡᠷᠢᠭᠦᠯᠡᠭᠴᠢᠤᠡ ᠤᠨ ᠪᠦᠯᠬᠦᠮ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃
    ᠨᠢᠳᠤᠨᠤᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠤ᠂ ᠤᠳᠬ᠎ᠠ ᠤᠷᠠᠯᠢᠭ ᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠤᠨ ᠠᠮᠢᠵᠢᠷᠠᠯ ᠤᠨ ᠬᠦᠴᠦᠨ ᠢ ᠬᠦᠭᠵᠢᠭᠦᠯᠪᠡ᠃ ᠣᠳᠣᠬᠠᠨ ᠳᠤ᠂ ᠬᠠᠶᠢᠷᠤᠪ ᠤᠨ ᠲᠣᠬᠤᠶ ᠲᠣᠭᠤᠷᠢᠭ ᠲᠤ ᠨᠢᠭᠡᠨᠲᠡ ᠤᠷᠠᠨ ᠪᠢᠴᠢᠯᠭᠡᠲᠡᠨ᠂ ᠵᠣᠬᠢᠶᠠᠯᠴᠢ᠂ᠲᠠᠭᠤᠷᠯᠢᠭ ᠤᠨ ᠤᠷᠠᠯᠢᠭᠴᠢᠨ ᠪᠠ ᠭᠡᠷᠡᠯ ᠵᠢᠷᠤᠭᠴᠢᠨ ᠵᠡᠷᠭᠡ 4 ᠨᠡᠶᠢᠭᠡᠮᠯᠢᠭ ᠲᠠᠢ ᠪᠣᠯᠵᠠᠶ᠃ ᠰᠢ ᠵᠦᠴᠦᠭᠡᠴᠢᠨ ᠤ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠳᠠᠷᠠᠭ᠎ᠠ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠨᠢ ᠵᠦᠴᠦᠭᠡ ᠶᠢᠨ ᠵᠣᠬᠢᠶᠠᠯᠴᠢᠳ ᠤᠨ ᠨᠡᠶᠢᠭᠡᠮᠯᠢᠭ ᠤᠨ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠣᠳᠣᠬᠠᠨ ᠤ ᠰᠢ ᠵᠦᠴᠦᠭᠡ ᠶᠢᠨ ᠬᠡᠯᠪᠡᠷᠢ᠂ ᠲᠤᠯᠭᠠᠷᠠᠵᠤ  ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ ᠰᠤᠳᠤᠯᠵᠤ᠂ ᠡᠯ᠎ᠡ ᠵᠤᠶᠢᠯ ᠤᠨ ᠵᠥᠷᠢᠴᠡᠯ ᠢ ᠰᠢᠢᠤᠡᠪᠣᠷᠢᠯᠡᠬᠦ ᠰᠠᠶᠢᠨ ᠠᠷᠭ᠎ᠠ ᠶᠢ ᠣᠨᠣᠪᠴᠢᠲᠠᠶ ᠣᠯᠵᠤ᠂ ᠦᠨᠳᠦᠰᠦᠲᠡᠨ ᠤ ᠵᠣᠷᠢᠭ ᠰᠠᠨᠠᠭ᠎ᠠ ᠲᠠᠢ ᠰᠢ ᠵᠦᠴᠦᠭᠡ ᠶᠢᠨ ᠰᠣᠶᠣᠯ ᠢ ᠦᠷᠭᠦᠯᠵᠢᠯᠡᠨ ᠰᠠᠶᠢᠲᠤᠷ ᠤᠯᠠᠮᠵᠢᠯᠠᠵᠤ ᠬᠠᠮᠠᠭᠠᠯᠠᠵᠤ᠂ ᠣᠯᠠᠨ ᠲᠦᠮᠡᠨ ᠲᠠᠢ ᠬᠠᠷᠢᠯᠴᠠᠬᠤ ᠪᠠᠨ ᠴᠢᠩᠬᠠᠳᠬᠠᠵᠠᠶ᠃ ᠦᠨᠳᠦᠰᠦᠨ ᠱᠠᠲᠤᠨ ᠤ ᠰᠢ ᠵᠦᠴᠦᠭᠡ ᠪᠠ ᠳᠠᠭᠤᠷᠢᠯᠢᠭ ᠤᠨ ᠴᠢᠳᠠᠪᠤᠷᠢᠲᠠᠨ ᠢ ᠬᠥᠮᠦᠵᠢᠭᠦᠯᠵᠦ᠂ ᠰᠢ ᠵᠦᠴᠦᠭᠡ ᠶᠢᠨ ᠤᠶᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号