ᠦᠬᠠᠶ ᠶᠢᠨ ᠡᠳᠦᠷ ᠤᠨ ᠰᠣᠨᠢᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠤ ᠰᠢᠶᠣᠤ ᠳ᠋ᠦᠩ ᠢ ᠲᠤᠰᠬᠠᠶᠢᠯᠠᠨ ᠰᠤᠷᠪᠤᠯᠵᠢᠯᠠᠪᠠ ︵ᠬᠤᠶᠠᠷ
ᠨᠡᠶᠢᠲᠡᠯᠡᠭᠰᠡᠨ ᠴᠠᠭ᠄
2020/12/15
     ᠰᠤᠷᠪᠤᠯᠵᠢᠯᠠᠭᠴᠢ᠄      ᠬᠠᠶᠢᠷᠤᠪ ᠤᠨ ᠲᠣᠬᠤᠢ ᠲᠤᠭᠤᠷᠢᠭ ᠤᠨ ᠲᠥᠪ ᠠᠴᠠ ᠳᠤᠷᠠᠳᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠡᠷᠦᠩᠬᠡᠢ ᠱᠠᠭᠠᠷᠳᠠᠯᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖       ᠡᠤ ᠰᠢᠶᠤᠤ ᠳ᠋ᠦᠩ᠄       ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠥᠪ ᠤᠨ ᠬᠢᠵᠢᠭ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠣᠰᠣᠭᠠᠷ ᠭᠤᠣᠯᠳᠠᠯᠭ᠎ᠠ ᠪᠠᠨ ᠲᠣᠪᠤᠶᠢᠯᠭᠠᠨ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠨ᠎ᠠ᠃ ᠲᠥᠷᠥᠯ ᠬᠤᠪᠢᠶᠠᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠵᠢᠯ ᠢ ᠦᠨᠡᠨ ᠬᠦ ᠪᠣᠳᠠᠲᠠᠶ ᠠᠳᠬᠤᠵᠤ ᠨᠠᠷᠢᠯᠢᠭ ᠠᠳᠬᠤᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠭᠡᠳᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠭᠤᠤᠯᠳᠠᠯᠭ᠎ᠠ ᠲᠠᠢ ᠲᠥᠷᠥᠯ ᠵᠤᠶᠢᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠤᠨ ᠠᠵᠤ ᠦᠶ᠋ᠯᠡᠰ ᠢᠶᠠᠨ ᠰᠡᠷᠭᠦᠭᠡᠬᠦ ᠵᠡᠷᠭᠡ ᠡᠯ᠎ᠡ ᠵᠤᠶᠢᠯ ᠤᠨ ᠭᠤᠤᠯᠳᠠᠯᠭ᠎ᠠ ᠲᠠᠢ ᠠᠵᠢᠯ ᠢ ᠵᠡᠷᠭᠡᠪᠡᠷ ᠰᠠᠶᠢᠲᠤᠷ ᠬᠢᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠪᠣᠯᠤᠨ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠪᠠᠲᠤᠯᠠᠵᠠᠶ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠡᠭᠦᠨ ᠤ  ᠬᠠᠮᠲᠤ ᠬᠢᠵᠢᠭ ᠤᠨ ᠪᠠᠶᠢᠳᠠᠯ ᠢᠯᠡᠷᠡᠭᠰᠡᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠲᠤᠷᠰᠢᠯᠠᠭ᠎ᠠ  ᠪᠠᠨ ᠳ᠋ᠦᠩᠨᠡᠵᠦ᠂ ᠳᠤᠲᠠᠭᠤᠳᠠᠯ ᠢ ᠨᠥᠬᠦᠪᠥᠷᠢᠯᠡᠨ᠂ ᠠᠯᠳᠠᠰᠢ ᠭᠠᠷᠬᠤ ᠶᠢ ᠬᠤᠷᠢᠭᠯᠠᠵᠤ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠠᠯᠤᠰ ᠬᠡᠲᠦ ᠳᠤ ᠰᠠᠭᠤᠷᠢᠯᠠᠨ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃
     ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ ᠎ᠠ᠂ ᠳᠡᠭᠡᠳᠤ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠪᠦᠬᠦ ᠣᠷᠣᠨ ᠤ ᠦᠨᠳᠤᠰᠤᠳᠡᠨ ᠨᠦᠭᠦᠳ ᠤᠨ ᠠᠷᠠᠳ ᠲᠦᠮᠡᠨ ᠤ ᠬᠠᠮᠵᠢᠯᠴᠠᠭ᠎ᠠ ᠶᠢᠨ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠣᠯᠠᠨ ᠤ ᠵᠣᠷᠢᠭ ᠢ ᠨᠢᠭᠡᠳᠬᠡᠪᠡᠯ᠂ ᠬᠢᠵᠢᠭ ᠤᠨ ᠪᠠᠶᠢᠳᠠᠯ ᠢ ᠡᠰᠡᠷᠭᠦᠴᠡᠬᠦ ᠢᠯᠠᠯᠲᠠ ᠶᠢ ᠯᠠᠪᠲᠠᠶ ᠤᠭᠲᠤᠨ ᠠᠪᠴᠢᠷᠠᠬᠤ ᠪᠣᠯᠤᠨ᠎ᠠ᠃
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号