ᠦᠬᠠᠶ ᠶᠢᠨ ᠡᠳᠦᠷ ᠤᠨ ᠰᠣᠨᠢᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠤ ᠰᠢᠶᠣᠤ ᠳ᠋ᠦᠩ ᠢ ᠲᠤᠰᠬᠠᠶᠢᠯᠠᠨ ᠰᠤᠷᠪᠤᠯᠵᠢᠯᠠᠪᠠ  ︵ᠭᠤᠷᠪᠠ︶
ᠨᠡᠶᠢᠲᠡᠯᠡᠭᠰᠡᠨ ᠴᠠᠭ᠄
2020/12/15
      ᠰᠤᠷᠪᠤᠯᠵᠢᠯᠠᠭᠴᠢ᠄       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠠᠶᠢᠷᠤᠪ ᠤᠨ ᠲᠣᠬᠤᠢ ᠲᠤᠭᠤᠷᠢᠭ ᠤᠨ ᠡᠯ᠎ᠡ ᠲᠥᠷᠥᠯ ᠤᠨ ᠡᠳ᠋ ᠪᠣᠳᠠᠰ ᠤᠨ ᠬᠠᠩᠭᠠᠯᠭ᠎ᠠ ᠶᠢ ᠬᠡᠷᠬᠢᠨ ᠪᠠᠲᠤᠯᠠᠬᠤ ᠪᠣᠶ︖       ᠡᠤ ᠰᠢᠶᠤᠤ ᠳ᠋ᠦᠩ᠄      ᠬᠠᠶᠢᠷᠤᠪ ᠤᠨ ᠲᠣᠬᠤᠢ ᠲᠤᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠤᠶᠢᠯᠡᠤᠡᠪᠤᠷᠢᠯᠡᠯ ᠠᠮᠢᠳᠤᠷᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠴᠢᠷᠮᠠᠶᠢᠨ ᠪᠠᠲᠤᠯᠠᠨ᠎ᠠ᠃ ᠡᠮ ᠡᠮᠨᠡᠯᠭᠡ ᠶᠢᠨ ᠡᠳ᠋ ᠪᠠᠷᠠᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠡᠳ᠋ ᠤᠨ ᠵᠠᠰᠠᠭ ᠤᠨ ᠲᠡᠮᠵᠢᠯᠡᠭᠡ ᠪᠠᠨ ᠨᠡᠮᠡᠭᠳᠡᠭᠦᠯᠵᠦ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠡᠮ ᠡᠮᠨᠡᠯᠭᠡ ᠶᠢᠨ ᠡᠳ᠋ ᠪᠠᠷᠠᠭ᠎ᠠ ᠬᠤᠳᠠᠯᠳᠤᠨ ᠠᠪᠬᠤ ᠪᠠ ᠣᠯᠭᠤᠬᠤ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ᠎ᠠ᠃ ᠣᠳᠣᠬᠠᠨ ᠳᠤ᠂ ᠨᠡᠶᠢᠲᠡ 497 ᠬᠤᠪᠢ ᠲᠤᠰᠠᠭᠠᠷᠯᠠᠭᠰᠠᠨ ᠬᠤᠪᠴᠠᠰᠤ᠂ ᠡᠯ᠎ᠡ ᠲᠥᠷᠥᠯ ᠤᠨ ᠠᠮᠠᠪᠴᠢ 93409᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠲᠥᠬᠦᠭᠡᠷᠦᠮᠵᠢ 1514 ︵ᠪᠡᠶ᠎ᠡ ᠶᠢᠨ ᠳᠤᠯᠠᠭᠠᠨ ᠤ ᠫᠤᠤ 594᠂ ᠪᠡᠶ᠎ᠡ ᠶᠢᠨ ᠳᠤᠯᠠᠭᠠᠨ ᠤ ᠬᠡᠮᠵᠢᠭᠦᠷ 920︶ ᠲᠠᠷᠬᠠᠭᠠᠵᠠᠶ᠃
    ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠠᠯ᠎ᠠ ᠪᠠᠷ᠂ ᠪᠥᠬᠦ ᠲᠤᠭᠤᠷᠢᠭ ᠤᠨ 10 ᠲᠣᠮᠣ ᠬᠡᠯᠪᠡᠷᠢ ᠶᠢᠨ ᠬᠡᠲᠦ ᠳᠡᠯᠭᠡᠭᠦᠷ᠂ ᠠᠷᠠᠳ ᠲᠤ ᠲᠥᠬᠦᠮ ᠦᠵᠡᠭᠦᠯᠬᠦ ᠢᠳᠡᠰᠢᠨ ᠨᠣᠭᠤᠭ᠎ᠠ ᠶᠢᠨ 500 ᠭᠠᠷᠤᠶ ᠳᠡᠯᠭᠡᠭᠦᠷ ᠤᠨ ᠬᠡᠪ ᠤᠨ ᠡᠵᠡᠩᠨᠡᠯᠲᠡ ᠨᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠬᠡᠪ ᠤᠨ ᠬᠠᠩᠭᠠᠯᠭ᠎ᠠ ᠶᠢ ᠪᠠᠲᠤᠯᠠᠵᠤ ᠴᠢᠳᠠᠨ᠎ᠠ ᠃ ᠡᠭᠦᠨ ᠤ ᠬᠠᠮᠲᠤ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠤᠶᠢᠯ ᠢ ᠡᠵᠡᠩᠨᠡᠬᠦ  ᠲᠡᠷᠭᠡ ᠬᠥᠰᠬᠡ ᠳᠤ ᠰᠠᠭᠠᠳ ᠦᠭᠡᠶ ᠨᠡᠪᠲᠡᠷᠡᠬᠦ ᠵᠠᠮ ᠭᠠᠷᠭᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠬᠠᠶᠢᠷᠤᠪ ᠤᠨ ᠲᠣᠬᠤᠢ ᠲᠤᠭᠤᠷᠢᠭ ᠪᠠᠰᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠠᠨ ᠤ ᠦᠨ᠎ᠡ ᠶᠢ ᠳᠦᠷᠬᠢᠷᠡᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠬᠡᠲᠦ ᠠᠰᠢᠭ ᠬᠤᠨᠵᠢᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠪᠡ᠃ ᠪᠡᠯᠡᠭᠯᠡᠨ ᠬᠦᠷᠭᠡᠭᠰᠡᠨ ᠡᠳ᠋ ᠪᠠᠷᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠷᠠᠭᠤᠯᠵᠤ᠂ ᠬᠦᠯᠢᠶᠡᠨ ᠠᠪᠬᠤ᠂ ᠵᠠᠷᠤᠯᠭ᠎ᠠ ᠪᠠ ᠬᠡᠷᠡᠭᠯᠡᠬᠦ ᠪᠦᠬᠦ ᠶᠠᠪᠤᠴᠠ ᠶᠢᠨ ᠢᠯᠡ ᠲᠣᠳᠣ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号