ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/15
      12 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ  ᠲᠠᠯᠪᠢᠵᠠᠶ᠃
     ᠬᠤᠷᠠᠯ ᠠᠴᠠ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ︽ᠵᠠᠰᠠᠭ ᠵᠠᠬᠢᠷᠭᠠᠨ ᠤ ᠲᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ︾᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠵᠥᠪᠯᠡᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠠᠶᠢᠷᠤᠪ ᠤᠨ ᠲᠣᠬᠤᠢ ᠲᠣᠭᠤᠷᠢᠭ ᠤᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠤᠨ︶︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠬᠠᠶᠢᠷᠤᠪ ᠤᠨ ᠲᠤᠬᠤᠢ ᠲᠣᠭᠤᠷᠢᠭ ᠤᠨ ᠬᠢᠨ ︵ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠢᠷᠭᠡᠨ ᠤ ᠬᠠᠤᠯᠢ ᠶᠢᠨ ᠪᠢᠴᠢᠭ ᠤᠨ ᠬᠡᠷᠡᠭᠵᠢᠭᠦᠯᠦᠯᠲᠡ ᠶᠢ ᠠᠬᠢᠭᠤᠯᠬᠤ ᠲᠤᠬᠠᠢ ᠰᠠᠨᠠᠯ︶᠎ ᠢ ᠲᠤᠭᠤᠰᠢᠯᠠᠭᠤᠯᠬᠤ ᠲᠤᠬᠠᠢ ᠬᠡᠷᠡᠭᠵᠢᠭᠦᠯᠬᠦ ᠲᠥᠰᠦᠯ︾ ᠪᠣᠯᠤᠨ ︽ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠡᠢ
     ᠴᠢ ᠹᠸᠢ ᠶᠦᠨ ᠴᠢᠬᠤᠯᠠᠴᠢᠯᠠᠬᠤ ᠳᠠᠭᠠᠨ᠂ ᠬᠠᠶᠢᠷᠤᠪ ᠤᠨ ᠲᠣᠬᠤᠢ ᠶᠢᠨ ᠲᠤᠭᠤᠷᠢᠭ ᠤ ᠳᠡᠭᠡᠳᠦ ᠲᠤᠤᠷᠠᠳᠤ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠬᠠᠶᠢᠷᠤᠪ ᠤᠨ ᠲᠣᠬᠤᠢ ᠶᠢᠨ ᠲᠤᠭᠤᠷᠢᠭ ᠳᠤ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠡᠯ᠎ᠡ ᠵᠦᠢᠯ ᠤᠨ ᠠᠵᠢᠯ ᠢ ᠭᠦᠨᠵᠡᠭᠡᠢ ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠦᠪᠯᠡᠯ ᠨᠢ ᠲᠥᠪᠯᠡᠷᠡᠭᠦᠯᠦᠨ ᠤᠳᠤᠷᠢᠳᠬᠤ᠂ ᠥᠨᠳᠥᠷ ᠪᠦᠲᠦᠮᠵᠢᠲᠡᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠢᠭᠡᠳᠦᠯᠲᠡᠢ ᠳᠤ ᠪᠠᠢᠷᠢᠯᠠᠭᠤᠯᠬᠤ ᠶᠢ ᠪᠡᠶᠡᠯᠡᠭᠦᠯᠵᠦ᠂ ᠣᠨ ᠤ ᠡᠯ᠎ᠡ ᠵᠤᠶᠢᠯ ᠤᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠳᠤᠯᠠᠬᠤ ᠬᠡᠷᠡᠭᠲᠡᠢ᠃ ᠡᠯ᠎ᠡ ᠨᠢᠭᠡᠴᠡ᠂ ᠰᠠᠯᠠᠭ᠎ᠠ ᠮᠥᠴᠢᠷ ᠤᠨ ᠬᠢᠨ ᠤᠳᠤᠷᠢᠳᠬᠤ ᠺᠠᠳ᠋ᠷ ᠤᠨ ᠬᠠᠤᠯᠢ ᠰᠤᠷᠬᠤ ᠪᠠ ᠬᠠᠤᠯᠢ ᠬᠡᠷᠡᠭᠯᠡᠬᠦ ᠲᠠᠪᠴᠠᠩ ᠢ ᠰᠠᠶᠢᠲᠤᠷ ᠬᠡᠷᠡᠭᠯᠡᠵᠦ᠂ ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠤᠯᠬᠤ᠂ ᠲᠣᠭᠲᠠᠭᠤᠨ ᠢ ᠬᠠᠮᠠᠭᠠᠯᠠᠬᠤ ᠴᠢᠳᠠᠪᠤᠷᠢ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠬᠠᠶᠢᠷᠤᠪ ᠤᠨ ᠲᠤᠬᠤᠢ ᠲᠤᠭᠤᠷᠢᠭ ᠤᠨ ᠪᠠᠶᠢᠭᠤᠯᠤᠯᠲᠠ ᠶᠢ ᠰᠢᠨ᠎ᠡ ᠬᠥᠭᠵᠢᠯᠲᠡ ᠲᠠᠢ ᠪᠣᠯᠭᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号