ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/15
     12 ᠰᠠᠷ᠎ᠠ ᠶᠢᠨ 14᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠮᠠᠨ ᠤ ᠬᠤᠲᠠ ᠳᠤ ︽ᠠᠷᠪᠠᠨ ᠳᠥᠷ ᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃       ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠠᠩ ᠢ᠂ ᠬᠠᠨ ᠬᠦᠸᠧ ᠦ᠋᠂ ᠸᠠᠩ ᠸᠧᠨ ᠵᠢᠶᠧ᠂ ᠬᠤ᠋ ᠱᠠᠨ ᠱᠦᠨ᠂ ᠯᠢᠶᠠᠩ ᠱᠣ᠋ ᠫᠢᠩ᠂ ᠰᠦᠨ ᠬᠤᠤ᠂ ᠯᠢ ᠴᠦᠨ ᠰᠢᠶᠤᠤ ᠵᠡᠷᠭᠡ ᠬᠤᠳᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠲᠤᠭᠤᠶᠢᠯᠠᠩ ᠤᠨ ᠪᠦᠷᠢᠯᠳᠦᠬᠦᠨ ᠲᠤᠰ ᠪᠡᠶ᠎ᠡ ᠶᠢᠨ ᠰᠤᠷᠤᠯᠴᠠᠯᠭ᠎ᠠ ᠶᠢᠨ ᠣᠯᠤᠯᠲᠠ ᠪᠣᠯᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠶᠠᠷᠢᠶ᠎ᠠ ᠲᠠᠯᠪᠢᠵᠤ᠂ ᠣᠯᠤᠯᠲᠠ ᠲᠦᠷᠦᠭᠳᠡᠯ ᠢᠶᠠᠨ ᠰᠣᠯᠢᠯᠴᠠᠪᠠ᠃ ᠪᠤᠰᠤᠳ ᠭᠤᠤᠯᠳᠠᠯᠭᠠᠲᠤ ᠳᠤᠭᠤᠶᠢᠯᠠᠩ ᠤᠨ ᠪᠦᠷᠢᠯᠳᠦᠬᠦᠨ ᠶᠠᠷᠢᠶ᠎ᠠ ᠪᠠᠨ ᠪᠢᠴᠢᠭ ᠤᠨ ᠬᠡᠯᠪᠡᠷᠢ ᠪᠠᠷ ᠲᠡᠪᠰᠢᠬᠦᠯᠪᠡ᠃       ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠰᠬᠠᠶ ᠰᠡᠳᠦᠪᠲᠦ ᠬᠠᠷᠢᠭᠤ ᠮᠡᠳᠡᠬᠦᠯᠦᠯᠳᠡ ᠶᠢᠨ ᠬᠤᠷᠠᠯ ᠳᠡᠭᠡᠷ᠎ᠡ ᠬᠡᠯᠡᠭᠰᠡᠨ ᠦᠭᠡ ᠨᠢ ᠪᠢᠳᠡᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠢᠯᠣᠭᠤᠳᠬᠤ ᠦᠵᠡᠯ ᠰᠠᠨᠠᠭ᠎ᠠ᠂ ᠵᠢᠷᠣᠮᠯᠠᠬᠤ ᠵᠠᠷᠴᠢᠮ᠂ ᠲᠡᠮᠡᠴᠡᠬᠦ ᠬᠠᠷᠠᠯᠲᠠ᠂ ᠴᠢᠬᠤᠯᠠ ᠶᠡᠭᠡ ᠡᠭᠦᠷᠭᠡ ᠶᠢ ᠣᠨᠣᠪᠴᠢᠲᠠᠶ ᠤᠶᠢᠯᠠᠭᠠᠨ ᠡᠵᠡᠮᠰᠢᠵᠦ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠰᠠᠶᠢᠲᠤᠷ ᠬᠢᠬᠦ ᠳᠤ ᠮᠠᠰᠢ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠢ ᠲᠠᠢ ᠹᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠣᠷᠭᠠᠨᠢᠭ ᠢᠶᠠᠷ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠶᠢ ᠨᠠᠷᠢᠨ ᠬᠢᠨᠠᠮᠠᠭᠠᠢ ᠰᠤᠳᠤᠯᠤᠨ ᠲᠥᠰᠦᠪᠯᠡᠵᠦ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠮᠠᠨ ᠤ ᠬᠤᠲᠠ ᠶᠢᠨ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠳᠤ ᠪᠦᠷᠢᠮᠦᠰᠦᠨ ᠢᠯᠡᠷᠡᠭᠦᠯᠬᠦ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠳᠤᠮᠳᠠ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠳᠡᠢ ᠬᠡᠵᠡᠢ᠃       ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠪᠠ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠪᠠᠶᠢᠯᠲᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠮᠠᠨ ᠤ ᠬᠤᠲᠠ ᠶᠢᠨ ᠪᠦᠬᠦ ᠲᠠᠯ᠎ᠠ ᠪᠠ ᠪᠦᠬᠦᠯᠢ ᠴᠣᠭᠴᠠ ᠳᠤᠮᠳᠠᠬᠢ ᠳᠦᠷᠢ ᠪᠠᠶᠢᠷᠢ ᠲᠣᠭᠲᠠᠭᠠᠯᠲᠠ ᠶᠢ ᠤᠨᠤᠪᠴᠢᠳᠠᠢ ᠡᠷᠢᠵᠦ᠂ ᠠᠮᠢ ᠠᠬᠤᠶ ᠶᠢ ᠣᠷᠢᠳᠠᠪᠠᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠶᠢᠨ ᠰᠦᠪᠡᠭᠴᠢᠯᠡᠵᠦ᠂ ᠠᠮᠢ ᠠᠬᠤᠶ ᠶᠢᠨ ᠶᠠᠰᠤ ᠴᠢᠨᠠᠷ ᠨᠠᠩ ᠥᠨᠳᠥᠷ᠂ ᠰᠢᠨ᠎ᠡ ᠶᠢ ᠡᠭᠦᠳᠬᠦ ᠬᠦᠳᠡᠯᠭᠡᠭᠴᠢ ᠬᠦᠴᠦᠨ ᠨᠠᠩ ᠬᠦᠢᠴᠡᠳ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠨᠠᠩ ᠲᠦᠷᠭᠡᠨ᠂ ᠬᠤᠲᠠ ᠶᠢᠨ ᠴᠢᠳᠠᠮᠵᠢ ᠨᠠᠩ ᠴᠢᠩᠭ᠎ᠠ᠂ ᠠᠮᠢᠳᠤᠷᠠᠯ ᠤᠨ ᠶᠠᠰᠤ ᠴᠢᠨᠠᠷ ᠨᠠᠩ ᠰᠢᠯᠢᠳᠡᠭ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠰᠢᠨ᠎ᠡ ᠭᠠᠷᠤᠭ᠎ᠠ ᠳᠡᠭᠡᠷᠡᠬᠢ ᠰᠢᠨ᠎ᠡ ᠬᠥᠭᠵᠢᠯᠲᠡ ᠶᠢ ᠪᠡᠶᠡᠯᠡᠬᠦᠯᠬᠦ ᠬᠡᠷᠡᠭᠳᠡᠢ ᠬᠡᠵᠡᠢ᠃      ᠱᠢ ᠸᠠᠨ ᠵᠢᠶᠦ᠋ᠨ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠠᠬᠢᠨ ᠡᠮᠬᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ︔ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠢᠶᠠᠨ ᠰᠢᠰᠲ᠋ᠧᠮ ᠲᠠᠢ ᠲᠥᠰᠦᠪᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠲᠡᠬᠡᠨ ᠪᠠᠶᠢᠷᠢᠰᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠬᠡᠷᠡᠭᠳᠡᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠤᠳᠤᠷᠢᠳᠤᠯᠭ᠎ᠠ ᠭᠤᠷᠪᠠᠨ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠠᠬᠢ ᠵᠢᠯᠣᠭᠤᠳᠤᠯᠭ᠎ᠠ ᠪᠠᠨ ᠴᠢᠩᠭᠠᠳᠬᠠᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠭᠢᠭᠤᠯᠬᠤ ᠬᠡᠷᠡᠭᠳᠡᠢ ᠬᠡᠵᠡᠢ᠃
 
ᠢᠷᠡᠯᠲᠡ᠄ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号