ᠰᠤᠷᠪᠤᠯᠵᠢᠯᠠᠭᠴᠢ᠄ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠠᠶᠢᠷᠤᠪ ᠤᠨ ᠲᠣᠬᠤᠢ ᠲᠤᠭᠤᠷᠢᠭ ᠤᠨ | ᠡᠯ᠎ᠡ ᠲᠥᠷᠥᠯ ᠤᠨ ᠡᠳ᠋ ᠪᠣᠳᠠᠰ ᠤᠨ ᠬᠠᠩᠭᠠᠯᠭ᠎ᠠ ᠶᠢ ᠬᠡᠷᠬᠢᠨ ᠪᠠᠲᠤᠯᠠᠬᠤ ᠪᠣᠶ︖ | ᠡᠤ ᠰᠢᠶᠤᠤ ᠳ᠋ᠦᠩ᠄ | ᠬᠠᠶᠢᠷᠤᠪ ᠤᠨ ᠲᠣᠬᠤᠢ ᠲᠤᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠶᠢᠨ | ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠪᠣᠯᠤᠨ ᠰᠠᠭᠤᠭᠠᠯᠢ ᠠᠷᠠᠳ ᠤᠨ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ | ᠤᠶᠢᠯᠡᠤᠡᠪᠤᠷᠢᠯᠡᠯ ᠠᠮᠢᠳᠤᠷᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠴᠢᠷᠮᠠᠶᠢᠨ ᠪᠠᠲᠤᠯᠠᠨ᠎ᠠ᠃ | ᠡᠮ ᠡᠮᠨᠡᠯᠭᠡ ᠶᠢᠨ ᠡᠳ᠋ ᠪᠠᠷᠠᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠡᠳ᠋ ᠤᠨ ᠵᠠᠰᠠᠭ ᠤᠨ ᠲᠡᠮᠵᠢᠯᠡᠭᠡ ᠪᠠᠨ | ᠨᠡᠮᠡᠭᠳᠡᠭᠦᠯᠵᠦ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠡᠮ ᠡᠮᠨᠡᠯᠭᠡ ᠶᠢᠨ ᠡᠳ᠋ ᠪᠠᠷᠠᠭ᠎ᠠ | ᠬᠤᠳᠠᠯᠳᠤᠨ ᠠᠪᠬᠤ ᠪᠠ ᠣᠯᠭᠤᠬᠤ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ᠎ᠠ᠃ ᠣᠳᠣᠬᠠᠨ ᠳᠤ᠂ | ᠨᠡᠶᠢᠲᠡ 497 ᠬᠤᠪᠢ ᠲᠤᠰᠠᠭᠠᠷᠯᠠᠭᠰᠠᠨ ᠬᠤᠪᠴᠠᠰᠤ᠂ ᠡᠯ᠎ᠡ ᠲᠥᠷᠥᠯ ᠤᠨ ᠠᠮᠠᠪᠴᠢ 93409᠂ ᠪᠡᠶ᠎ᠡ ᠶᠢᠨ | ᠳᠤᠯᠠᠭᠠᠨ ᠢ ᠰᠢᠯᠭᠠᠨ ᠪᠠᠶᠢᠴᠠᠭᠠᠬᠤ ᠲᠥᠬᠦᠭᠡᠷᠦᠮᠵᠢ 1514 ︵ᠪᠡᠶ᠎ᠡ ᠶᠢᠨ ᠳᠤᠯᠠᠭᠠᠨ ᠤ ᠫᠤᠤ 594᠂ ᠪᠡᠶ᠎ᠡ ᠶᠢᠨ | ᠳᠤᠯᠠᠭᠠᠨ ᠤ ᠬᠡᠮᠵᠢᠭᠦᠷ 920︶ ᠲᠠᠷᠬᠠᠭᠠᠵᠠᠶ᠃ | | ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠠᠯ᠎ᠠ ᠪᠠᠷ᠂ ᠪᠥᠬᠦ ᠲᠤᠭᠤᠷᠢᠭ ᠤᠨ 10 ᠲᠣᠮᠣ ᠬᠡᠯᠪᠡᠷᠢ ᠶᠢᠨ ᠬᠡᠲᠦ | ᠳᠡᠯᠭᠡᠭᠦᠷ᠂ ᠠᠷᠠᠳ ᠲᠤ ᠲᠥᠬᠦᠮ ᠦᠵᠡᠭᠦᠯᠬᠦ ᠢᠳᠡᠰᠢᠨ ᠨᠣᠭᠤᠭ᠎ᠠ ᠶᠢᠨ 500 ᠭᠠᠷᠤᠶ ᠳᠡᠯᠭᠡᠭᠦᠷ ᠤᠨ ᠬᠡᠪ ᠤᠨ | ᠡᠵᠡᠩᠨᠡᠯᠲᠡ ᠨᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠤᠶᠢᠯ ᠤᠨ ᠬᠡᠪ ᠤᠨ ᠬᠠᠩᠭᠠᠯᠭ᠎ᠠ ᠶᠢ ᠪᠠᠲᠤᠯᠠᠵᠤ ᠴᠢᠳᠠᠨ᠎ᠠ | ᠃ ᠡᠭᠦᠨ ᠤ ᠬᠠᠮᠲᠤ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠤᠶᠢᠯ ᠢ ᠡᠵᠡᠩᠨᠡᠬᠦ | ᠲᠡᠷᠭᠡ ᠬᠥᠰᠬᠡ ᠳᠤ ᠰᠠᠭᠠᠳ ᠦᠭᠡᠶ ᠨᠡᠪᠲᠡᠷᠡᠬᠦ ᠵᠠᠮ ᠭᠠᠷᠭᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠬᠠᠶᠢᠷᠤᠪ ᠤᠨ | ᠲᠣᠬᠤᠢ ᠲᠤᠭᠤᠷᠢᠭ ᠪᠠᠰᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠳᠤᠯᠭ᠎ᠠ ᠪᠠ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠠᠷᠠᠭᠠᠨ ᠤ ᠦᠨ᠎ᠡ ᠶᠢ ᠳᠦᠷᠬᠢᠷᠡᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ | ᠵᠠᠪᠰᠢᠬᠤ᠂ ᠬᠡᠲᠦ ᠠᠰᠢᠭ ᠬᠤᠨᠵᠢᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠪᠡ᠃ ᠪᠡᠯᠡᠭᠯᠡᠨ | ᠬᠦᠷᠭᠡᠭᠰᠡᠨ ᠡᠳ᠋ ᠪᠠᠷᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠷᠠᠭᠤᠯᠵᠤ᠂ ᠬᠦᠯᠢᠶᠡᠨ ᠠᠪᠬᠤ᠂ ᠵᠠᠷᠤᠯᠭ᠎ᠠ | ᠪᠠ ᠬᠡᠷᠡᠭᠯᠡᠬᠦ ᠪᠦᠬᠦ ᠶᠠᠪᠤᠴᠠ ᠶᠢᠨ ᠢᠯᠡ ᠲᠣᠳᠣ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | |