ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/15
     12 ᠰᠠᠷ᠎ᠠ ᠶᠢᠨ 11 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠬᠤᠷᠠᠯᠳᠤᠪᠠ᠃      ᠬᠤᠷᠠᠯ ᠠᠴᠠ ᠱᠢ ᠲᠠᠢ ᠹᠧᠩ ᠱᠦᠵᠢ᠂ ᠪᠦ᠋ ᠰᠢᠶᠣᠤ ᠯᠢᠨ ᠲᠡᠷᠢᠭᠦᠯᠡᠭᠴᠢ ᠶᠢᠨ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 12 ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ︽ᠡᠪᠦᠯ ᠬᠠᠪᠤᠷ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠴᠢᠮ ᠮᠡᠳᠡᠭᠳᠡᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠡᠭᠦᠨ ᠤ ᠬᠠᠮᠲᠤ ᠬᠠᠶᠢᠷᠤᠪ ᠤᠨ ᠲᠣᠬᠤᠢ ᠲᠤᠭᠤᠷᠢᠭ ᠤᠨ ᠤᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ  ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠨᠢᠭᠡᠴᠡ᠂ ᠰᠠᠯᠠᠭ᠎ᠠ ᠮᠥᠴᠢᠷ ᠤᠳ ᠲᠥᠷᠥ ᠶᠢᠨ ᠶᠠᠪᠤᠳᠠᠯ ᠤᠨ ᠬᠤᠷᠢᠶᠠᠨ ᠤ ︽ᠨᠠᠮᠤᠷ ᠡᠪᠦᠯ ᠤᠨ ᠤᠯᠠᠷᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ︽1+8+n︾ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠬᠤ ᠬᠡᠷᠡᠭᠲᠡᠶ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ  ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠬᠢᠵᠢᠭ ᠢ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠶᠢ  ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠰᠢᠢᠤᠡᠪᠤᠷᠢᠯᠡᠬᠦ ᠬᠡᠷᠡᠭᠲᠡᠢ ᠭᠡᠵᠠᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠡ᠂ ᠰᠠᠯᠠᠭ᠎ᠠ ᠮᠥᠴᠢᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠤᠡᠪᠤᠷᠢᠳᠤ  ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠠᠢ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号