ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠠᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2020/12/2
     ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠳᠦᠷᠢᠮᠵᠢᠭᠦᠯᠵᠦ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠣᠷᠮ᠎ᠠ ᠪᠠ ᠳᠦᠷᠢᠮᠵᠢᠭᠦᠯᠬᠦ ᠪᠠᠷᠢᠮᠵᠢᠶ᠎ᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠴᠢᠩᠭ᠎ᠠ ᠬᠢᠨᠠᠨ ᠵᠥᠪᠰᠢᠶᠡᠷᠡᠬᠦ ᠶᠢ ᠴᠢᠬᠤᠯᠠᠴᠢᠯᠠᠨ᠎ᠠ᠃ ᠫᠠᠶᠢᠰᠠ ᠢᠯᠡᠷᠬᠡᠶᠢᠯᠡᠯ ᠢ ᠣᠷᠴᠢᠭᠤᠯᠵᠤ ᠬᠢᠨᠠᠨ ᠬᠠᠷᠭᠤᠭᠤᠯᠬᠤ ᠮᠡᠳᠡᠭᠡ ᠵᠠᠩᠭᠢᠵᠢᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠠᠢ᠃ ᠨᠢᠭᠡ ᠳᠤ᠂ ᠫᠠᠶᠢᠰᠠ ᠢᠯᠡᠷᠬᠡᠶᠢᠯᠡᠯ ᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠬᠢᠨᠠᠨ  ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠪᠠ᠂ ᠠᠵᠢᠯ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ 2020 ᠣᠨ ᠤ 1 ᠳ᠋ᠦ᠋ᠭᠡᠷ ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ ᠨᠡᠶᠢᠲᠡ 1168 ᠬᠤᠪᠢ ᠫᠠᠶᠢᠰᠠ ᠢᠯᠡᠷᠬᠡᠶᠢᠯᠡᠯ ᠢ ᠬᠢᠨᠠᠨ ᠵᠥᠪᠰᠢᠶᠡᠷᠡᠪᠡ᠃ ᠬᠤᠶᠠᠷ ᠲᠤ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠣᠭᠠᠯᠠᠨ ᠫᠠᠶᠢᠰᠠ ᠢᠯᠡᠷᠬᠡᠶᠢᠯᠡᠯ ᠤᠨ ᠲᠤᠰᠬᠠᠶ ᠪᠠᠶᠢᠴᠠᠭᠠᠯᠲᠠ ᠶᠢ 24 ᠤᠳᠠᠭ᠎ᠠ ᠥᠷᠨᠢᠭᠦᠯᠵᠦ᠂ ︽ᠲᠠᠪᠤᠨ ᠠᠳᠠᠯᠢ︾᠎ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠫᠠᠶᠢᠰᠠ ᠢᠯᠡᠷᠬᠡᠶᠢᠯᠡᠯ ᠳᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ ᠮᠡᠳᠡᠭᠳᠡᠯ ᠤᠨ ᠪᠢᠴᠢᠭ 65 ᠬᠤᠪᠢ ᠪᠠᠭᠤᠯᠭᠠᠪᠠ᠃ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠯᠢᠨ ᠶᠢᠨ ᠶᠡᠭᠡ ᠵᠠᠮ ᠤᠨ ᠮᠠᠰᠢᠨ ᠲᠡᠷᠭᠡᠨ ᠤ 4s ᠳᠡᠯᠭᠡᠭᠦᠷ ᠤᠨ ᠡᠭᠦᠳᠡᠨ ᠡᠮᠦᠨᠡᠬᠢ ᠫᠠᠶᠢᠰᠠ ᠢᠯᠡᠷᠬᠡᠶᠢᠯᠡᠯ ᠮᠣᠩᠭᠤᠯ ᠬᠢᠲᠠᠳ ᠬᠤᠣᠰ ᠬᠡᠯᠡ ᠶᠢ ᠵᠡᠷᠭᠡ ᠪᠠᠷ ᠬᠡᠷᠡᠭᠯᠡᠬᠦ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠡᠶᠢᠲᠡ 34 ᠡᠷᠦᠬᠡ ᠶᠢ ᠵᠢᠭᠰᠠᠭᠠᠨ ᠪᠠᠶᠢᠴᠠᠭᠠᠵᠤ᠂ ᠨᠢᠭᠡᠨᠲᠡ ᠪᠦᠬᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠪᠠ᠃ ᠬᠤᠳᠠᠯᠳᠤᠭᠠᠨ ᠤ ᠡᠷᠦᠬᠡ ᠲᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ ᠢ ᠤᠬᠠᠭᠤᠯᠤᠨ ᠲᠠᠶᠢᠯᠪᠤᠷᠢᠯᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠠᠵᠢᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃ ᠭᠤᠷᠪᠠ ᠳᠤ᠂ ᠪᠥᠬᠦ ᠲᠤᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢᠨ ᠪᠢᠴᠢᠭ ᠮᠠᠲ᠋ᠧᠷᠢᠶᠠᠯ ᠤᠨ ᠲᠦᠷᠦᠭᠦᠤ᠂ ᠠᠯᠪᠠᠨ ᠲᠠᠮᠠᠭ᠎ᠠ᠂ ᠵᠠᠬᠢᠳᠠᠯ ᠤᠨ ᠳᠤᠭᠲᠤᠶ ᠳᠡᠭᠡᠷᠡᠬᠢ ᠮᠣᠩᠭᠤᠯ ᠦᠰᠥᠭ ᠪᠢᠴᠢᠭ ᠶᠢ ᠲᠥᠪᠯᠡᠷᠡᠭᠦᠯᠦᠨ ᠪᠠᠶᠢᠴᠠᠭᠠᠨ᠎ᠠ᠃ 76 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠲᠠᠷᠬᠠᠭᠠᠪᠠ᠃ ᠳᠥᠷᠪᠡ ᠳᠤ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ ᠬᠤᠷᠠᠯ ᠵᠢᠴᠢ ᠶᠠᠷᠢᠯᠴᠠᠬᠤ ᠬᠤᠷᠠᠯ ᠬᠢᠵᠦ᠂ ᠦᠨᠳᠦᠰᠦᠲᠡᠨ ᠤ ᠰᠣᠶᠣᠯ ᠤᠨ ᠤᠶᠢᠯᠡᠰ ᠢ ᠬᠠᠶᠢᠷᠠᠯᠠᠬᠤ 24 ᠨᠡᠷ᠎ᠡ ᠬᠥᠮᠦᠰ ᠢ ᠮᠠᠨ ᠤ ᠲᠤᠭᠤᠷᠢᠭ ᠤᠨ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠡᠯᠡ ᠶᠢ ᠬᠠᠮᠲᠤ ᠳᠤᠨᠢ ᠬᠡᠷᠡᠭᠯᠡᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠠᠷ ᠤᠷᠢᠨ᠂ ᠫᠠᠶᠢᠰᠠ ᠢᠯᠡᠷᠬᠡᠶᠢᠯᠡᠯ ᠤᠨ ︽ᠲᠠᠪᠤᠨ ᠠᠳᠠᠯᠢ︾᠎ ᠶᠢᠨ ᠱᠠᠭᠠᠷᠳᠠᠯᠭ᠎ᠠ ᠶᠢ ᠬᠢᠨᠠᠵᠤ ᠪᠠᠶᠢᠴᠠᠭᠠᠨ᠎ᠠ᠃ ᠲᠠᠪᠤ ᠳᠤ᠂ ︽ᠭᠠᠷᠠᠭ ᠪᠦᠷᠢ ᠨᠢᠭᠡ ᠦᠬᠦᠯᠪᠤᠷᠢ︾᠎ ᠪᠠᠷ ᠮᠣᠩᠭᠤᠯ ᠬᠡᠯᠡ ᠰᠤᠷᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠤ ᠲᠤᠮᠤ ᠠᠰᠠᠷ ᠤᠨ ᠣᠷᠣᠬᠤ ᠡᠭᠦᠳᠡ᠂ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠢᠯᠡ ᠪᠠᠶᠢᠷᠢᠨ ᠳᠤ 40 ᠵᠤᠷᠪᠤᠰ ᠰᠤᠷᠤᠯᠴᠠᠬᠤ ᠠᠭᠤᠯᠭ᠎ᠠ ᠶᠢ ᠰᠢᠨᠡᠴᠢᠯᠡᠪᠡ᠃      ᠳᠠᠷᠠᠭ᠎ᠠ ᠠᠯᠬᠤᠮ ᠳᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ  ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠎ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠳᠦᠷᠢᠮᠵᠢᠭᠰᠡᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠤᠶᠢᠯ ᠤᠨ ᠦᠰᠦᠭ ᠪᠢᠴᠢᠭ ᠢ ᠡᠬᠢ ᠡᠭᠦᠰᠦᠯ ᠠᠴᠠ ᠨᠢ ᠵᠠᠰᠠᠬᠤ ᠪᠠ ᠵᠢᠷᠤᠮᠵᠢᠭᠤᠯᠵᠤ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠤᠨ ᠠᠵᠢᠯ ᠢ ᠦᠷᠭᠦᠯᠵᠢᠯᠡᠨ ᠠᠬᠢᠭᠤᠯᠵᠤ᠂ ᠮᠣᠩᠭᠤᠯ ᠬᠡᠯᠡ ᠪᠢᠴᠢᠭ ᠤᠨ ᠠᠵᠢᠯ ᠤᠨ ᠬᠠᠤᠯᠢᠵᠢᠭᠤᠯᠬᠤ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠠᠬᠢᠴᠠ ᠶᠢ ᠲᠦᠷᠭᠡᠤᠡᠭᠡᠬᠦ ᠬᠡᠷᠡᠭᠲᠡᠢ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号