ᠬᠠᠶᠢᠷᠤᠪ ᠤᠨ ᠲᠤᠬᠤᠢ ᠲᠣᠭᠤᠷᠢᠭ 2020 ᠣᠨ ᠤ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/28
     12 ᠳ᠋ᠤᠭᠠᠷ ᠰᠠᠷ᠎ᠠ ᠶᠢᠨ 23᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠠᠶᠢᠷᠤᠪ ᠤᠨ ᠲᠣᠬᠤᠶ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠂ ᠦᠬᠠᠶ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠦᠬᠠᠶ ᠬᠤᠲᠠ ᠶᠢᠨ ᠳ᠋ᠠ ᠾᠧ ᠱᠤ᠋ ᠹᠧᠩ ᠰᠣᠶᠣᠯ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠰᠠᠶ ᠰᠢᠩ ᠠᠮᠤ ᠲᠣᠰᠣ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠲᠢᠶᠠᠨ ᠲᠢᠶᠠᠨ ᠮᠦᠸᠧ ᠵᠦᠩ ᠴᠢᠤᠸᠠᠨ ᠷᠠᠰᠢᠶᠠᠨ ᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠵᠢᠨ ᠡᠷᠭᠢᠯᠡᠭᠰᠡᠨ 2020 ᠣᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠮᠵᠢᠯᠲᠠ ᠲᠠᠢ ᠶᠠᠪᠤᠭᠳᠠᠪᠠ᠃
     ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ᠂ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠲᠡᠷᠢᠭᠦᠨ ᠤ ᠬᠤᠪᠢ ᠬᠥᠮᠦᠨ ᠴᠣᠯᠭᠤᠷᠠᠨ ᠭᠠᠷᠴᠤ᠂ ᠲᠡᠳᠡ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ︔ ︽ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ︾᠂ ᠡᠲᠡᠭᠡᠷ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾᠂ ᠲᠠᠳᠠ ᠡᠷᠡᠯᠬᠡᠭ ᠪᠠᠭᠠᠲᠤᠷᠯᠢᠭ ᠡᠷᠡᠰ ᠴᠢᠩᠭ᠎ᠠ᠂ ᠥᠭᠡᠳᠡ ᠡᠰᠡᠷᠡᠭ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠭᠦᠯ ᠬᠤᠷᠢᠶᠠᠬᠤ ᠵᠢᠯ ᠪᠣᠯᠬᠤ ᠪᠠᠷ ᠪᠠᠷᠠᠬᠤ ᠥᠬᠡᠶ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠡᠲᠡᠭᠡᠷ ᠲᠡᠷᠢᠭᠦᠨ ᠤ ᠳᠠᠭᠤᠷᠢᠶᠠᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠤᠡᠪᠤᠷᠢᠳᠤ ᠢᠯᠠᠯᠲᠠ ᠶᠢ ᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠪᠠ ᠬᠦᠴᠦᠲᠡᠶ ᠶᠣᠰᠣ ᠰᠤᠷᠲᠠᠬᠤᠨ ᠤ ᠲᠤᠯᠭᠠᠭᠤᠷᠢᠯᠠᠯ ᠬᠠᠩᠭᠠᠨ᠎ᠠ ᠠᠳᠠᠯᠢ ᠪᠤᠰᠤ ᠠᠵᠢᠯ ᠤᠨ ᠪᠠᠶᠢᠷᠢ᠂ ᠠᠳᠠᠯᠢ ᠪᠤᠰᠤ ᠳᠠᠪᠬᠤᠷᠭ᠎ᠠ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠥᠮᠦᠰ ᠨᠢ ᠬᠠᠷᠢᠨ ᠠᠳᠠᠯᠢᠬᠠᠨ ᠰᠠᠶᠢᠨ ᠰᠠᠶᠢᠬᠠᠨ ᠶᠣᠰᠣ ᠰᠤᠷᠲᠠᠬᠤᠨ᠂ ᠠᠳᠠᠯᠢᠬᠠᠨ ᠰᠠᠶᠢᠨ ᠰᠠᠶᠢᠬᠠᠨ ᠤᠶᠢᠯᠡ ᠠᠵᠢᠯᠯᠠᠭ᠎ᠠ ᠪᠠᠷ ᠨᠠᠩ ᠣᠯᠠᠨ ᠬᠥᠮᠦᠰ ᠢ ᠨᠥᠯᠥᠭᠡᠯᠡᠵᠦ ᠪᠠᠶᠢᠨ᠎ᠠ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠭᠰᠠᠨ ᠰᠢᠨ᠎ᠡ ᠴᠠᠭ ᠦᠶ᠎ᠡ ᠶᠢᠨ ᠲᠦᠷᠢ ᠲᠥᠷᠬᠦ ᠶᠢ ᠢᠯᠡᠷᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠲᠤᠰ ᠤᠳᠠᠭ᠎ᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠨᠠᠷᠢᠨ ᠨᠢᠮᠪᠠᠢ ᠪᠡᠯᠡᠳᠬᠡᠪᠡ᠃    ᠶᠡᠭᠡ ᠬᠤᠷᠠᠯ ᠠᠴᠠ 2020 ᠣᠨ ᠤ ᠬᠠᠶᠢᠷᠤᠪ ᠤᠨ ᠲᠣᠬᠤᠶ ᠲᠣᠭᠤᠷᠢᠭ ᠤᠨ ︽ᠳᠡᠷᠭᠡᠳᠡᠬᠢ ᠰᠠᠶᠢᠨ ᠬᠥᠮᠦᠨ︾᠂ ︽ᠶᠠᠳᠠᠭᠤ ᠠᠴᠠ ᠠᠩᠭᠢᠵᠢᠷᠠᠭᠰᠠᠨ ᠣᠳᠣᠨ︾᠂ ︽ᠦᠨᠡᠨᠴᠢ ᠢᠲᠡᠭᠡᠮᠵᠢᠲᠡᠶ ᠡᠷᠦᠬᠡ︾᠂ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠰᠠᠶᠢᠨ ᠲᠤᠷᠠᠴᠤᠳ ᠵᠡᠷᠭᠡ ᠨᠡᠶᠢᠲᠡ 156 ᠬᠥᠮᠦᠨ᠂ ︽ᠦᠨᠡᠨᠴᠢ ᠢᠲᠡᠭᠡᠮᠵᠢᠲᠡᠶ ᠲᠣᠰᠬᠤᠨ︾ 1᠂ 2020 ᠣᠨ ᠤ ᠬᠠᠶᠢᠷᠤᠪ ᠤᠨ ᠲᠣᠬᠤᠶ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠰᠢᠯᠢᠳᠡᠭ ᠰᠢᠨ᠎ᠡ ᠶᠢ ᠡᠭᠦᠳᠦᠭᠰᠡᠨ ᠵᠢᠱᠢᠶ᠎ᠡ 5᠂ ᠰᠢᠯᠢᠳᠡᠭ ᠰᠠᠶᠢᠨ ᠲᠤᠷᠠᠴᠤᠳ ᠤᠨ ᠤᠶᠢᠯᠡᠴᠢᠯᠡᠭᠡᠨ ᠤ ᠲᠥᠷᠥᠯ ᠵᠤᠶᠢᠯ 11᠂ ᠰᠢᠯᠢᠳᠡᠭ ᠰᠠᠶᠢᠨ ᠲᠤᠷᠠᠴᠤᠳ ᠤᠨ ᠤᠶᠢᠯᠡᠴᠢᠯᠡᠭᠡᠨ ᠤ ᠠᠩᠭᠢ 10᠂ ᠰᠢᠯᠢᠳᠡᠭ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠭᠠᠵᠠᠷ ︵ᠥᠷᠲᠡᠭᠡ︶ 10᠎ ᠢ ᠬᠥᠬᠢᠭᠦᠯᠦᠨ ᠰᠠᠶᠢᠰᠢᠶᠠᠪᠠ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠬᠠᠶᠢᠷᠤᠪ ᠤᠨ ᠲᠣᠬᠤᠶ ᠲᠣᠭᠤᠷᠢᠭ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠣᠰᠣ ᠰᠤᠷᠲᠠᠬᠤᠨ ᠤ ᠲᠦᠪᠰᠢᠨ᠂ ᠪᠣᠯᠪᠠᠰᠤᠨ ᠤ ᠬᠡᠪ ᠪᠣᠯᠪᠠᠰᠤᠷᠠᠯ ᠪᠠ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ ᠂ ᠦᠷᠳᠡᠭᠡ︶ ᠴᠦ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠳ᠋ᠷ︾᠎ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠪᠠᠷ ᠭᠤᠣᠯ ᠬᠦᠴᠦᠨ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠦᠨᠳᠦᠰᠦᠨ ᠬᠡᠯᠪᠡᠷᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠥᠯᠥᠭᠡᠯᠡᠬᠦ ᠬᠦᠴᠦᠨ ᠪᠣᠯᠤᠨ ᠲᠠᠲᠠᠬᠤ ᠬᠦᠴᠦᠨ ᠢ ᠴᠢᠩᠭᠠᠳᠬᠠᠵᠤ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠰᠠᠨᠠᠭᠠᠴᠢᠯᠠᠵᠤ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠲᠤᠭᠤᠷᠢᠭ ᠶᠢ ᠪᠦᠳᠦᠭᠡᠨ ᠪᠠᠶᠢᠭᠤᠯᠬᠤ ᠳᠤ ᠰᠠᠭᠤᠷᠢ ᠲᠠᠯᠪᠢᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号