ᠬᠠᠶᠢᠷᠤᠪ ᠤᠨ ᠲᠣᠬᠤᠢ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/7
     12 ᠰᠠᠷ᠎ᠠ ᠶᠢᠨ 4᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
     ᠬᠤᠷᠠᠯ ᠠᠴᠠ ᠦᠬᠠᠶ ᠬᠤᠲᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠶ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠵᠣᠬᠢᠶᠠᠨ ᠪᠠᠶᠢᠭᠤᠯᠬᠤ ᠳᠤᠭᠤᠶᠢᠯᠠᠩ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠳᠤᠭᠤᠶᠢᠯᠠᠩ᠂ ᠲᠤᠰᠬᠠᠶ ᠴᠡᠭᠴᠡᠯᠡᠨ ᠵᠠᠰᠠᠬᠤ ᠳᠤᠭᠤᠶᠢᠯᠠᠩ᠂ ᠲᠦᠷᠢᠮ ᠲᠤᠭᠳᠠᠭᠠᠯ ᠲᠣᠭᠲᠠᠭᠠᠬᠤ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃      ᠴᠢ ᠹᠸᠢ ᠶᠦᠨ ᠴᠢᠬᠤᠯᠠᠴᠢᠯᠠᠬᠤ ᠳᠠᠭᠠᠨ᠂ ᠬᠠᠶᠢᠷᠤᠪ ᠤᠨ ᠲᠣᠬᠤᠢ ᠲᠤᠭᠤᠷᠢᠭ ᠤᠨ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠲᠤᠰᠬᠠᠶ ᠠᠵᠢᠯᠯᠠᠭ᠎ᠠ ᠶᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠬᠠᠶᠢᠷᠤᠪ ᠤᠨ ᠲᠣᠬᠤᠢ ᠲᠤᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠢᠳᠡᠪᠬᠢᠲᠡᠢ ᠬᠥᠮᠦᠵᠢᠭᠦᠯᠦᠨ ᠵᠢᠯᠤᠭᠤᠤᠡᠴᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠮᠡᠳᠡᠵᠦ ᠳᠦᠷᠢᠮ ᠲᠣᠭᠲᠠᠭᠠᠯ ᠢ ᠲᠣᠳᠣᠷᠬᠠᠶ ᠤᠶᠢᠯᠭᠠᠵᠤ᠂ ᠰᠠᠬᠢᠯᠭ᠎ᠠ ᠪᠠᠳᠤ ᠶᠢ ᠵᠢᠷᠤᠮᠡᠯᠵᠤ᠂ ᠶᠣᠰᠣ ᠮᠣᠷᠠᠯ ᠢ ᠡᠷᠬᠢᠮᠯᠡᠨ ᠠᠷᠢᠭᠤᠨ ᠴᠢᠬᠡᠴᠢ ᠪᠠᠶᠢᠵᠤ᠂ ᠤᠯᠤᠰ ᠲᠥᠷᠥ ᠶᠢᠨ ᠠᠮᠢ ᠠᠬᠤᠶ ᠶᠢ ᠪᠥᠬᠦ ᠲᠠᠯ᠎ᠠ ᠪᠠᠷ ᠴᠡᠪᠡᠷᠰᠢᠭᠦᠯᠵᠦ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢᠨ ᠵᠠᠰᠠᠭ ᠤᠨ ᠶᠠᠪᠤᠳᠠᠯ ᠢ ᠨᠡᠪᠲᠡᠷᠡᠭᠦᠯᠦᠨ ᠠᠭᠤᠰᠤᠯᠴᠠᠬᠤ ᠶᠢ ᠦᠨᠡᠨ ᠬᠦ ᠪᠠᠲᠤᠯᠠᠵᠤ᠂ ᠤᠯᠤᠰ ᠲᠥᠷᠥ ᠶᠢᠨ ᠠᠮᠢ ᠠᠬᠤᠶ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠡᠢ᠃ ᠡᠯ᠎ᠡ ᠲᠤᠰᠬᠠᠶ ᠠᠵᠢᠯ ᠤᠨ ᠳᠤᠭᠤᠶᠢᠯᠠᠩ᠂ ᠡᠯ᠎ᠡ ᠰᠠᠯᠠᠭ᠎ᠠ ᠮᠥᠴᠢᠷ ᠲᠤᠰᠬᠠᠶ ᠠᠵᠢᠯ ᠤᠨ ᠱᠠᠭᠠᠷᠳᠠᠯᠭ᠎ᠠ ᠪᠣᠯᠤᠨ ᠲᠤᠰ ᠨᠢᠭᠡᠴᠡ ᠶᠢᠨ ᠢᠶᠠᠨ ᠡᠭᠦᠷᠭᠡ ᠲᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠷ ᠭᠠᠷᠳᠠᠴᠠ ᠪᠣᠯᠭᠠᠵᠤ᠂ ᠨᠢᠭᠡ ᠠᠴᠠ ᠭᠤᠷᠪᠠ ᠶᠢ ᠮᠡᠳᠡᠵᠦ᠂ ᠳᠤᠲᠠᠭᠤ ᠶᠢ ᠨᠥᠬᠦᠪᠥᠷᠢᠯᠡᠵᠦ᠂ ᠠᠵᠢᠯ ᠢ ᠣᠷᠬᠢᠭᠳᠠᠭᠤᠯᠬᠤ ᠦᠭᠡᠢ᠂ ᠪᠦᠬᠦᠨ ᠢ ᠬᠠᠮᠤᠷᠬᠤ᠂ ᠴᠢᠨᠠᠷ ᠰᠠᠶᠢᠲᠠᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠶ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠵᠤ᠂ ᠡᠭᠦᠷᠭᠡ ᠶᠢ ᠪᠠᠶᠢᠷᠢᠯᠠᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠶᠠᠪᠤᠴᠠ ᠶᠢ ᠰᠢᠮᠳᠠᠭᠤᠯᠤᠨ ᠭᠦᠢᠴᠠᠤᠡᠭᠡᠵᠤ᠂ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠠᠵᠢᠯ ᠤᠨ ᠭᠤᠤᠯ ᠰᠢᠵᠢᠮ ᠢ ᠴᠢᠩᠭ᠎ᠠ ᠠᠩᠬᠠᠷᠴᠤ ᠲᠤᠯᠭᠠᠮ᠎ᠠ ᠰᠢᠢᠤᠡᠪᠤᠷᠢᠯᠡᠬᠦ ᠴᠢᠬᠤᠯᠠᠲᠠᠶ ᠠᠰᠠᠭᠤᠳᠠᠯ ᠢ ᠰᠠᠶᠢᠲᠤᠷ ᠰᠢᠢᠤᠡᠪᠤᠷᠢᠯᠡᠵᠤ᠂ ᠪᠠᠴᠢᠮ ᠬᠡᠷᠡᠭᠴᠡᠭᠡ ᠪᠦᠬᠦᠢ ᠳᠤᠲᠠᠭᠤᠳᠠᠯ ᠢ ᠨᠥᠬᠦᠪᠥᠷᠢᠯᠡᠵᠦ᠂ ᠬᠡᠷᠡᠭ ᠢ ᠠᠬᠢᠭᠤᠯᠤᠨ ᠥᠭᠡᠷᠡᠴᠢᠯᠡᠭᠰᠡᠨ ᠦᠷ᠎ᠡ ᠪᠦᠳᠤᠮᠵᠢ ᠪᠠᠷ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号